ᠴᠢᠩ ᠱᠦᠢ ᠾᠧ ᠰᠢᠶᠠᠨ ᠬᠠᠲᠤᠨ ᠭᠤᠣᠯ᠂ ᠤᠷᠲᠤ ᠴᠠᠭᠠᠨ ᠬᠡᠷᠡᠮ᠂ ᠪᠠᠶᠢᠭᠠᠯᠢ ᠶᠢᠨ ᠥᠩᠭᠡ ᠦᠵᠡᠮᠵᠢ | ᠵᠡᠷᠭᠡ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠰᠠᠭᠤᠷᠢᠯᠠᠨ᠂ ᠣᠶᠢᠷ᠎ᠠ ᠶᠢᠨ ᠵᠢᠯ ᠠᠴᠠ | ᠨᠠᠰᠢ᠂ ᠤᠯᠤᠰ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠭᠠᠵᠠᠷ ᠣᠷᠣᠨ ᠤ | ᠣᠨᠴᠠᠯᠢᠭ ᠢ ᠭᠦᠨᠵᠡᠭᠡᠢ ᠠᠭᠤᠳᠠᠯᠤᠨ᠂ ︽ᠨᠢᠭᠡ ᠪᠦᠰᠡ ᠨᠢᠭᠡ ᠲᠡᠩᠭᠡᠯᠢᠭ ᠲᠠᠪᠤᠨ ᠵᠢᠱᠢᠶ᠎ᠡ ᠦᠵᠡᠭᠦᠯᠬᠦ︾ ᠪᠦᠬᠦ | ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠦᠬᠦ ᠬᠦᠴᠦ ᠪᠠᠷ ᠢᠶᠠᠨ | ᠴᠣᠭᠴᠠᠯᠠᠵᠤ᠂ ᠲᠠᠪᠤᠨ ᠵᠤᠷᠪᠤᠰ ᠰᠣᠳᠣᠨ ᠵᠢᠭᠤᠯᠴᠢᠯᠠᠯ ᠤᠨ ᠱᠤᠭᠤᠮ ᠭᠠᠷᠭᠠᠨ᠂ ᠡᠯ᠎ᠡ ᠰᠢᠶᠠᠩ ᠪᠠᠯᠭᠠᠰᠤ ᠶᠢᠨ | ᠦᠵᠡᠮᠵᠢ ᠶᠢᠨ ᠣᠷᠣᠨ ᠴᠡᠭ ᠲᠠᠢ ᠬᠤᠯᠪᠤᠭᠠᠯᠠᠨ ᠬᠦᠳᠡᠯᠦᠯᠴᠡᠵᠦ᠂ ᠪᠦᠬᠦ ᠤᠯᠤᠰ ᠤᠨ ᠵᠢᠭᠤᠯᠴᠢᠯᠠᠯ ᠤᠨ ᠵᠣᠷᠢᠭᠰᠠᠨ | ᠭᠠᠵᠠᠷ ᠪᠣᠯᠭᠠᠨ ᠪᠦᠬᠦ ᠬᠦᠴᠦ ᠪᠠᠷ ᠢᠶᠠᠨ ᠴᠣᠭᠴᠠᠯᠠᠵᠤ᠂ ᠳᠦᠷᠪᠡᠨ ᠤᠯᠠᠷᠢᠯ ᠤᠨ ᠵᠢᠭᠤᠯᠴᠢᠯᠠᠯ ᠪᠣᠯᠣᠨ ᠪᠦᠬᠦ | ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠪᠤᠢ᠃ | ᠨᠢᠭᠡ ᠳᠤ ᠬᠠᠲᠤᠨ ᠭᠤᠣᠯ ᠤᠨ ᠪᠠᠶᠢᠭᠠᠯᠢ ᠶᠢᠨ ᠠᠮᠢ ᠠᠬᠤᠢ ᠶᠢᠨ ᠢᠯᠭᠤᠮ ᠵᠢᠭᠤᠯᠴᠢᠯᠠᠯ ᠤᠨ ᠠᠶᠠᠯᠠᠯ ︵ | ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤᠰᠤᠨ ᠵᠠᠮ ᠬᠠᠭᠤᠷᠠᠢ | ᠵᠠᠮ︶ | ᠬᠤᠶᠠᠷ ᠲᠤ ᠣᠷᠳᠣ ᠴᠠᠭᠠᠨ ᠬᠡᠷᠡᠮ ᠤᠨ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠬᠤ ᠠᠶᠠᠯᠠᠯ ︵ᠬᠤᠤ | ᠬᠠᠨ ᠱᠠᠨ ᠠᠭᠤᠯᠠ ᠶᠢᠨ ᠮᠢᠩ ᠤᠯᠤᠰ ᠤᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ︱ | ᠯᠣᠣ ᠨᠢᠦ ᠫᠥᠸᠧ ᠨᠠᠮ ᠤᠨ ᠡᠭᠦᠷ ︱ ᠴᠢᠩ ᠯᠦᠩ ᠳ᠋ᠦᠩ ᠱᠠᠨ ᠣᠶ ᠰᠢᠭᠤᠢ ᠶᠢᠨ ᠴᠡᠴᠡᠷᠯᠢᠭ︶ | ᠭᠤᠷᠪᠠ ᠳᠤ ᠰᠢᠯᠢᠳᠡᠭ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠠᠶᠠᠯᠠᠯ ︵ᠳᠥᠷᠪᠡᠳᠦᠭᠡᠷ | ᠭᠦᠩᠵᠦ ᠶᠢᠨ ᠶᠣᠰᠣ ᠪᠠᠷ ᠵᠠᠰᠠᠬᠤ ᠪᠣᠳᠣᠯᠭ᠎ᠠ ᠶᠢᠨ ᠬᠥᠰᠢᠶ᠎ᠡ ︱ ︽ᠪᠣᠭᠤᠮᠲᠠ ᠶᠢᠨ ᠭᠠᠳᠠᠨᠠᠬᠢ ᠱᠠᠭᠠᠵᠠᠩ ᠤᠨ | ᠬᠤᠲᠠ︾ ᠮᠢᠩ ᠴᠢᠩ ᠤᠯᠤᠰ ᠤᠨ ᠡᠷᠲᠡᠨ ᠤ ᠱᠠᠭᠠᠵᠠᠩ ᠤᠨ ᠤᠭᠤᠷᠭᠠᠶ ︱ ᠴᠢᠩ ᠱᠦᠢ ᠾᠧ ᠶᠢᠨ ᠮᠦᠽᠧᠢ | ︱ ᠰᠣᠶᠣᠯ ᠪᠡᠶ᠎ᠡ ᠶᠢᠨ ᠲᠠᠮᠢᠷ ᠤᠨ ᠲᠥᠪ ︱ ᠼᠢ ᠵᠧᠦ ᠶᠤᠤ ᠱᠠᠭᠠᠵᠠᠩ ᠤᠨ ᠰᠠᠭᠤᠷᠢᠨ ᠭᠠᠵᠠᠷ︶ | ᠳᠥᠷᠪᠡ ᠳᠤ ᠡᠷᠲᠡᠨ ᠤ ᠲᠣᠰᠬᠤᠨ ᠤ ᠨᠠᠷᠠᠲᠤ ᠪᠠᠯᠭᠠᠰᠤ ᠶᠢ ᠠᠶᠢᠯᠴᠢᠯᠠᠨ ᠰᠤᠷᠪᠤᠯᠵᠢᠯᠠᠬᠤ ᠠᠶᠠᠯᠠᠯ ︵ᠯᠣᠣ | ᠨᠢᠦ ᠸᠠᠨ ᠲᠣᠰᠬᠤᠨ ︱ ᠺᠧᠦ ᠽᠢ ᠱᠠᠩ ᠲᠣᠰᠬᠤᠨ ︱ ᠯᠧᠢ ᠬᠤ᠋ ᠫᠦᠸᠧ ᠲᠣᠰᠬᠤᠨ ︵ᠵᠠᠩ ᠦᠶᠯᠡ ᠶᠢᠨ | ᠣᠷᠳᠣᠨ︶ ︱ ᠬᠥ᠋ ᠴᠧᠩ ᠫᠦᠸᠧ ᠲᠣᠰᠬᠤᠨ ︱ ᠪᠠ ᠯᠦᠩ ᠸᠠᠨ ᠲᠣᠰᠬᠤᠨ︶ | ᠲᠠᠪᠤ ᠳᠤ ᠬᠥᠳᠡᠭᠡ ᠲᠣᠰᠬᠤᠨ ᠤ ᠰᠡᠯᠡᠭᠦᠴᠡᠯ ᠰᠤᠪᠢᠯᠠᠯᠲᠠ ᠶᠢᠨ ᠠᠶᠠᠯᠠᠯ ︵ᠵᠢᠦᠢ ᠪᠦᠦ ᠵᠤᠸᠠᠩ ᠵᠢᠮᠢᠰ | ᠨᠣᠭᠤᠭ᠎ᠠ ᠲᠡᠭᠦᠬᠦ ᠰᠠᠭᠤᠷᠢᠨ ᠭᠠᠵᠠᠷ ︱ ᠭᠤᠸ ᠮᠣᠣ ᠴᠢᠤᠸᠠᠨ ᠨᠤᠲᠤᠭ ᠤᠰᠤᠨ ᠤ ᠣᠨᠴᠠᠯᠢᠭᠲᠤ ᠲᠥᠪ ︱ ᠢ | ᠮᠢᠩ ᠬᠥ᠋ ︱ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠮᠠᠯ ᠤᠨ ᠠᠰᠢᠭ ᠰᠢᠮ᠎ᠡ ᠶᠢᠨ | ᠦᠵᠡᠭᠦᠯᠭᠡ ᠶᠢᠨ ᠬᠦᠷᠢᠶᠡᠯᠡᠩ ᠲᠣᠭᠤᠷᠢᠭ︶ | ᠳᠠᠷᠠᠭᠠᠴᠢ ᠶᠢᠨ ᠠᠯᠬᠤᠮ ᠳᠤ᠂ ᠴᠢᠩ ᠱᠦᠢ ᠾᠸᠢ ᠰᠢᠶᠠᠨ ᠤ ᠬᠢᠨ ᠲᠠᠪᠤᠨ ᠵᠤᠷᠪᠤᠰ ᠰᠣᠳᠣᠨ | ᠵᠢᠭᠤᠯᠴᠢᠯᠠᠯ ᠤᠨ ᠱᠤᠭᠤᠮ ᠢᠶᠠᠷ ᠳᠠᠮᠵᠢᠭᠤᠯᠤᠨ᠂ ᠪᠦᠬᠦ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢᠨ ᠰᠢᠨ᠎ᠡ | ᠪᠠᠶᠢᠳᠠᠯ ᠢ ᠡᠭᠦᠳᠴᠦ᠂ ᠪᠦᠬᠦ ᠤᠯᠤᠰ ᠤᠨ ᠵᠢᠭᠤᠯᠴᠢᠯᠠᠯ ᠤᠨ ᠵᠣᠷᠢᠭᠰᠠᠨ ᠭᠠᠵᠠᠷ ᠲᠡᠰᠢ ᠲᠠᠰᠤᠷᠠᠯᠲᠠ ᠦᠭᠡᠢ | ᠤᠷᠤᠭᠰᠢᠯᠠᠬᠤ ᠪᠣᠯᠤᠨ᠎ᠠ᠃ |