ᠣᠶᠢᠷ᠎ᠠ ᠳᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ ᠬᠢᠭᠡᠳ ᠴᠢᠩ ᠱᠦᠢ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ︽ | ᠰᠤᠪᠢᠯᠠᠯᠲᠠ ᠶᠢᠨ ᠬᠠᠮᠢᠶᠠᠷᠤᠯᠲᠠ︾ ᠶᠢᠨ ᠲᠤᠰᠬᠠᠢ ᠰᠠᠯᠠᠭᠠᠨ ᠤ ᠬᠤᠯᠪᠤᠭ᠎ᠠ ᠶᠢᠨ ᠢᠯᠡᠷᠬᠡᠶᠢᠯᠡᠯ ᠣᠯᠭᠤᠬᠤ ᠶᠣᠰᠣᠯᠠᠯ | ᠠᠮᠵᠢᠯᠲᠠ ᠲᠠᠢ ᠶᠠᠪᠤᠭᠳᠠᠪᠠ᠃ | ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ ᠠᠴᠠ ᠴᠢᠩ ᠱᠦᠢ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ︽ | ᠰᠤᠪᠢᠯᠠᠯᠲᠠ ᠶᠢᠨ ᠬᠠᠮᠢᠶᠠᠷᠤᠯᠲᠠ︾ ᠶᠢᠨ ᠢᠯᠡᠷᠬᠡᠶᠢᠯᠡᠯ ᠣᠯᠭᠤᠵᠤ᠂ ᠬᠤᠶᠠᠷ ᠲᠠᠯ᠎ᠠ ᠶᠢᠨ ᠲᠥᠯᠥᠭᠡᠯᠡᠭᠴᠢ | ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠂ ᠡᠨᠡ ᠨᠢ ︽ᠰᠤᠪᠢᠯᠠᠯᠲᠠ ᠶᠢᠨ ᠬᠠᠮᠢᠶᠠᠷᠤᠯᠲᠠ︾ | ᠶᠢᠨ ᠲᠤᠰᠬᠠᠢ ᠰᠠᠯᠠᠭᠠᠨ ᠤ ᠬᠤᠯᠪᠣᠭ᠎ᠠ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠤᠢ᠃ ᠲᠣᠰ | ᠤᠳᠠᠭᠠᠨ ᠤ ︽ᠰᠤᠪᠢᠯᠠᠯᠲᠠ ᠶᠢᠨ ᠬᠤᠯᠪᠣᠭ᠎ᠠ︾ ᠪᠠᠶᠢᠭᠤᠯᠤᠭᠳᠠᠭᠰᠠᠨ ᠨᠢ ᠴᠢᠩ ᠱᠦᠢ ᠾᠧ ᠰᠢᠶᠠᠨ ᠤ | ᠰᠤᠪᠢᠯᠠᠯᠲᠠ ᠶᠢᠨ ᠲᠤᠬᠠᠶᠢᠯᠠᠭᠰᠠᠨ ᠠᠵᠢᠯ ᠤᠨ ᠲᠦᠷᠭᠡᠨ ᠳᠠᠪᠰᠢᠯᠲᠠ ᠶᠢ ᠠᠬᠢᠭᠤᠯᠵᠤ᠂ ᠪᠥᠬᠦ ᠰᠢᠶᠠᠨ ᠤ ᠡᠮ | ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠥᠰᠢᠶ᠎ᠡ ᠳᠤᠷᠠᠰᠬᠠᠯ ᠤᠨ ᠴᠢᠨᠠᠷᠲᠠᠢ | ᠠᠴᠢ ᠬᠤᠯᠪᠣᠭᠳᠠᠯ ᠲᠠᠢ ᠶᠤᠮ᠃ | ᠰᠤᠪᠢᠯᠠᠯᠲᠠ ᠶᠢᠨ ᠠᠵᠢᠯ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠬᠤᠯᠠ ᠪᠦᠷᠢᠯᠳᠦᠭᠦᠨ | ᠬᠡᠰᠡᠭ ᠮᠥᠨ᠂ ᠠᠷᠠᠳ ᠤᠯᠠᠨ ᠤ ᠡᠷᠡᠭᠦᠯ ᠮᠡᠨᠳᠤ ᠶᠢ ᠪᠠᠲᠤᠯᠠᠬᠤ᠂ ᠡᠮᠴᠢ ᠪᠣᠯᠣᠨ ᠡᠪᠡᠳᠴᠢᠲᠡᠨ ᠤ ᠡᠶ᠎ᠡ | ᠵᠣᠬᠢᠴᠠᠩᠭᠤᠢ ᠬᠠᠷᠢᠴᠠᠭ᠎ᠠ ᠶᠢ ᠪᠠᠶᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠦᠭᠡᠳ ᠮᠠᠨ ᠤ ᠰᠢᠶᠠᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢ ᠠᠵᠢᠯ | ᠮᠥᠨ᠃ ᠴᠢᠩ ᠱᠦᠢ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠥᠪᠥᠷ ᠮᠣᠩᠭᠤᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ | ᠰᠤᠪᠢᠯᠠᠯᠲᠠ ᠶᠢᠨ ᠬᠤᠯᠪᠣᠭ᠎ᠠ ᠶᠢᠨ ᠢᠯᠡᠷᠬᠡᠶᠢᠯᠡᠯ ᠣᠯᠭᠤᠬᠤ ᠶᠣᠰᠣᠯᠠᠯ ᠪᠣᠯ ᠴᠢᠩ ᠱᠦᠢ ᠾᠧ ᠰᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠬᠦᠷᠢᠶ᠎ᠡ ᠴᠠᠷᠠᠭᠠᠨ ᠳᠠᠬᠢ ᠪᠠᠰᠠ ᠨᠢᠭᠡᠨ ᠦᠪᠡᠳᠡᠭᠰᠢ ᠶᠠᠪᠤᠳᠠᠯ ᠪᠣᠯᠬᠤ ᠪᠦᠭᠡᠳ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠪᠦᠬᠦ ᠰᠢᠶᠠᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ |