ᠴᠢᠩ ᠱᠦᠢ ᠾᠧ ᠰᠢᠶᠠᠨ ᠤ ᠭᠠᠵᠠᠷ ᠵᠦᠢ ᠶᠢᠨ ᠲᠡᠮᠳᠡᠭᠲᠦ ᠶᠢᠨ ᠲᠤᠰᠬᠠᠢ ᠬᠡᠷᠡᠭᠯᠡᠭᠡᠨ ᠤ ᠲᠡᠮᠳᠡᠭ ᠤᠨ ᠬᠡᠷᠡᠭᠯᠡᠯᠲᠡ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2025/4/30
  ᠣᠶᠢᠷ᠎ᠠ ᠳᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠯᠪᠠᠨ ᠵᠠᠷ ᠨᠡᠶᠢᠲᠡᠯᠡᠵᠦ᠂ ᠬᠥᠬᠡᠬᠤᠲᠠ ᠶᠢᠨ ᠴᠢᠩ ᠱᠦᠢ ᠾᠧ ᠰᠢᠶᠠᠨ ᠤ ᠮᠧᠩ ᠴᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ᠭᠠᠵᠠᠷ ᠵᠦᠢ ᠶᠢᠨ ᠲᠡᠮᠳᠡᠭᠲᠦ ᠦᠢᠯᠡᠳᠬᠦᠨ ᠳᠡᠭᠡᠨ ︽ᠴᠢᠩ ᠱᠦᠢ ᠾᠧ ᠶᠢᠨ ᠠᠮᠲᠠᠲᠤ ᠨᠠᠷᠢᠮᠤ︾ ᠭᠡᠬᠦ ᠭᠠᠵᠠᠷ ᠵᠦᠢ ᠶᠢᠨ ᠲᠡᠮᠳᠡᠭᠲᠦ ᠶᠢᠨ ᠲᠤᠰᠬᠠᠢ ᠬᠡᠷᠡᠭᠯᠡᠭᠡᠨ ᠤ ᠲᠡᠮᠳᠡᠭ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠶᠠᠪᠤᠳᠠᠯ ᠨᠢ ᠴᠢᠩ ᠱᠦᠢ ᠾᠧ ᠰᠢᠶᠠᠨ ᠤ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠲᠦᠷᠦᠯ ᠲᠡᠮᠳᠡᠭᠵᠢᠭᠦᠯᠬᠦ ᠪᠠ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠬᠤ ᠲᠠᠯ᠎ᠠ ᠪᠠᠷ ᠪᠠᠰᠠ ᠨᠢᠭᠡᠨ ᠪᠠᠲᠤ ᠪᠠᠬᠢ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃  ᠴᠢᠩ ᠱᠦᠢ ᠾᠧ ᠰᠢᠶᠠᠨ ᠤ ᠨᠠᠷᠢᠮᠤ ᠪᠣᠯ ᠴᠢᠩ ᠱᠦᠢ ᠾᠧ ᠰᠢᠶᠠᠨ ᠤ ᠣᠨᠴᠠ ᠭᠠᠷᠤᠯᠲᠠ ᠪᠠᠶᠢᠵᠤ᠂ ᠮᠥᠬᠦᠯᠢᠭ ᠨᠢ ᠪᠠᠭ᠎ᠠ ᠮᠦᠷᠲᠡᠭᠡᠨ ᠳᠦᠭᠦᠷᠡᠩ᠂ ᠠᠯᠲᠠᠨ ᠰᠢᠷᠭᠠᠯ ᠥᠩᠭᠡ ᠲᠠᠢ᠂ ᠴᠢᠨᠠᠷ ᠨᠢ ᠨᠠᠷᠢᠯᠢᠭ ᠪᠦᠭᠡᠳ ᠨᠢᠯᠲᠠᠭ ᠨᠠᠩᠭᠢ ᠶᠢᠨ ᠬᠡᠮᠵᠢᠶ᠎ᠡ ᠨᠢ ᠴᠢᠩᠭ᠎ᠠ᠂ ᠠᠮᠲᠠ ᠰᠢᠮᠲᠡ ᠨᠢ ᠠᠩᠭᠢᠯᠤᠮ᠎ᠠ ᠰᠠᠶᠢᠬᠠᠨ ᠣᠨᠴᠠᠯᠢᠭ ᠲᠠᠢ ᠪᠠᠶᠢᠵᠤ᠂ ᠤᠤᠯ ᠠᠴᠠ ᠪᠠᠨ ︽ᠬᠦᠷᠢᠶᠡᠯᠡᠩ ᠳᠦᠭᠦᠷᠡᠩ ᠠᠮᠤ ᠨᠢ ᠠᠳᠠᠯᠢᠪᠲᠤᠷ᠂ ᠭᠠᠭᠴᠠ ᠬᠦ ᠠᠮᠲᠠᠯᠢᠭ ᠢᠶᠠᠷ ᠢᠶᠠᠨ ᠣᠨᠴᠠᠯᠢᠭᠳᠠᠬᠤ︾ ᠰᠠᠶᠢᠬᠠᠨ ᠠᠯᠳᠠᠷᠲᠠᠢ ᠶᠤᠮ᠃ ᠵᠢᠱᠢᠶᠡᠯᠡᠬᠦ ᠳᠤ᠂ ᠠᠯᠲᠠᠨ ᠬᠡᠮᠬᠡ ᠲᠠᠢ ᠨᠠᠷᠢᠮᠤ ᠶᠢᠨ ᠰᠢᠩᠭᠡᠨ ᠪᠤᠳᠠᠭ᠎ᠠ᠂ ᠨᠠᠷᠢᠮᠤ ᠶᠢᠨ ᠨᠠᠩᠭᠢ ᠪᠣᠣᠪᠤ᠂ ᠨᠠᠷᠢᠮᠤ ᠲᠠᠢ ᠵᠢᠩᠨᠡᠭᠰᠡᠨ ᠬᠠᠪᠢᠷᠭᠠᠨ ᠶᠠᠰᠤ ᠵᠡᠷᠭᠡ ᠨᠢ ᠪᠦᠷ ᠰᠢᠮ᠎ᠡ ᠲᠡᠵᠢᠭᠡᠯ ᠢᠶᠠᠷ ᠡᠯᠪᠡᠭ ᠪᠠᠶᠢᠳᠠᠭ ᠥᠪᠡᠷᠮᠢᠴᠡ ᠣᠨᠴᠠᠯᠢᠭ ᠲᠠᠢ ᠠᠮᠲᠠᠲᠤ ᠬᠤᠭᠤᠯᠠ ᠬᠦᠨᠡᠰᠦ ᠪᠣᠯᠣᠨ᠎ᠠ᠃ 2014 ᠣᠨ ᠤ 12 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠤᠤᠯ ᠤᠨ ᠶᠠᠰᠤ ᠴᠢᠨᠠᠷ ᠤᠨ ᠬᠢᠨᠠᠨ ᠪᠠᠶᠢᠴᠠᠭᠠᠯᠲᠠ ᠶᠢᠨ ᠶᠡᠷᠦᠩᠬᠡᠢ ᠲᠣᠪᠴᠢᠶ᠎ᠠ ᠠᠴᠠ ︽ᠴᠢᠩ ᠱᠦᠢ ᠾᠧ ᠶᠢᠨ ᠠᠮᠲᠠᠲᠤ ᠨᠠᠷᠢᠮᠤ︾ ᠳᠤ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢ ᠬᠡᠷᠡᠭᠵᠢᠭᠦᠯᠬᠦ ᠶᠢ ᠵᠥᠪᠰᠢᠶᠡᠷᠡᠪᠡ᠃ 2020 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ᠂ ︽ᠴᠢᠩ ᠱᠦᠢ ᠾᠧ ᠶᠢᠨ ᠠᠮᠲᠠᠲᠤ ᠨᠠᠷᠢᠮᠤ︾ ᠶᠢ 2020 ᠣᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ  ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠭᠠᠵᠠᠷ ᠵᠦᠢ ᠵᠢᠨ‌‍ᠲ᠋ᠡᠮᠳᠡᠭᠲᠦ ᠶᠢᠨ ᠲᠤᠰᠬᠠᠢ ᠬᠡᠷᠡᠭᠯᠡᠭᠡᠨ ᠤ ᠲᠡᠮᠳᠡᠭ ᠢ ᠬᠢᠨᠠᠨ ᠵᠥᠪᠰᠢᠶᠡᠷᠡᠵᠦ ᠬᠡᠷᠡᠭᠯᠡᠬᠦ ᠨᠢ ᠪᠦᠲᠦᠭᠡᠭᠳᠡᠬᠦᠨ ᠤ ᠶᠠᠰᠤ ᠴᠢᠨᠠᠷ ᠪᠣᠯᠣᠨ ᠣᠷᠣᠨ ᠨᠤᠲᠤᠭ ᠤᠨ ᠣᠨᠴᠠᠯᠢᠭ ᠤᠨ ᠡᠷᠬᠡ ᠰᠦᠷᠲᠦ ᠭᠡᠷᠡᠴᠢᠯᠡᠯ ᠲᠡᠳᠦᠢ ᠪᠢᠰᠢ᠂ ᠨᠡᠩ ᠴᠤ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠣᠨ᠎ᠠ᠃ ᠲᠣᠰ ᠤᠳᠠᠭᠠᠨ ᠤ ︽ᠴᠢᠩ ᠱᠦᠢ ᠾᠧ ᠶᠢᠨ ᠠᠮᠲᠠᠲᠤ ᠨᠠᠷᠢᠮᠤ︾ ᠶᠢᠨ ᠭᠠᠵᠠᠷ ᠵᠦᠢ ᠶᠢᠨ ᠲᠡᠮᠳᠡᠭᠲᠦ ᠶᠢᠨ ᠲᠤᠰᠬᠠᠢ ᠬᠡᠷᠡᠭᠯᠡᠭᠡᠨ ᠤ ᠲᠡᠮᠳᠡᠭ ᠢᠶᠠᠷ ᠵᠥᠪᠰᠢᠶᠡᠷᠡᠭᠦᠯᠦᠨ ᠬᠡᠷᠡᠭᠯᠡᠭᠦᠯᠦᠭᠰᠡᠨ ᠨᠢ ︽ᠴᠢᠩ ᠱᠦᠢ ᠾᠧ ᠶᠢᠨ ᠠᠮᠲᠠᠲᠤ ᠨᠠᠷᠢᠮᠤ︾ ᠶᠢᠨ ᠨᠠᠷᠠᠲᠤ ᠲᠡᠮᠳᠡᠭ ᠤᠨ ᠦᠨ᠎ᠡ ᠥᠷᠲᠡᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩ ᠱᠦᠢ ᠾᠧ ᠶᠢᠨ ᠠᠮᠲᠠᠲᠤ ᠨᠠᠷᠢᠮᠤ ᠶᠢᠨ ᠠᠵᠤ ᠦᠢᠯᠡᠰ ᠪᠠ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠣᠷᠣᠨ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠰᠠᠭᠤᠷᠢ ᠶᠢ ᠪᠠᠲᠤᠳᠬᠠᠬᠤ ᠪᠣᠯᠣᠨ᠎ᠠ᠃ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1