2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠤᠬᠠᠢ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ | | ᠴᠠᠭ ᠤᠨ ᠲᠣᠬᠢᠷᠠᠭᠤᠯᠤᠯᠲᠠ | | ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠳ᠋ᠤᠭᠠᠷ ᠰᠠᠷ᠎ᠠ ᠶᠢᠨ | 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ | | ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠄ 5 ᠳ᠋ᠤᠭᠠᠷ ᠰᠠᠷ᠎ᠠ ᠶᠢᠨ 25 ᠤ | ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ | | ᠠᠵᠢᠯ ᠤᠨ ᠭᠤᠣᠯ ᠰᠡᠳᠦᠪ | | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | | ᠶᠡᠷᠦᠩᠬᠡᠢ ᠱᠠᠭᠠᠷᠳᠠᠯᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠱᠤᠭᠤᠮ ᠪᠣᠯᠭᠠᠵᠤ᠂ ︽ᠳᠥᠷᠪᠡ ᠶᠢ ᠶᠡᠭᠡ ᠪᠠᠷ ᠤᠬᠠᠭᠤᠯᠬᠤ︾ ᠪᠠ ︽ᠭᠤᠷᠪᠠ ᠶᠢ ᠲᠣᠳᠣᠷᠬᠠᠶᠢᠯᠠᠨ ᠶᠠᠷᠢᠬᠤ︾ | ᠯᠤᠭ᠎ᠠ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠣᠨᠣᠯ ᠤᠨ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ | ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ ︽ | ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ︽ | ᠨᠢᠭᠡ ᠭᠤᠣᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ︾ ᠲᠠᠯ᠎ᠠ ᠪᠠᠷ | ᠨᠡᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠨ᠎ᠠ᠃ | | ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ | | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ | ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ | ᠫᠢᠩ ᠤᠨ ᠪᠦᠬᠦ ᠤᠯᠤᠰ ᠤᠨᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠦᠨᠳᠦᠰᠦᠲᠡᠨ ᠤ ᠲᠤᠬᠠᠢ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ︔ ᠰᠠᠬᠢᠨ | ᠪᠠᠷᠠᠯᠠᠵᠤ ᠬᠠᠷᠢᠯᠴᠠᠨᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ | ᠰᠠᠨᠠᠭ᠎ᠠ︾ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ ᠬᠢᠯᠢ ᠶᠢᠨ ᠰᠣᠶᠣᠯ︔ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ᠃ | | ᠠᠵᠢᠯ ᠤᠨ ᠲᠣᠬᠢᠷᠠᠭᠤᠯᠤᠯᠲᠠ | | ᠲᠤᠰᠬᠠᠢ ᠬᠦᠷᠢᠶᠡᠨ ᠳᠠᠬᠢ ᠠᠵᠢᠯ | | ᠡᠨᠡ ᠵᠢᠯ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠣᠯᠳᠠᠯᠭ᠎ᠠ ᠲᠠᠢ ᠬᠠᠨᠳᠤᠭᠤᠯᠤᠨ᠂ ᠠᠯᠪᠠᠨ | ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠰᠤᠮᠤᠨ ᠠᠩᠭᠢ᠂ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠭᠠᠵᠠᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ | ᠴᠠᠷᠠᠭ᠎ᠠ ᠵᠢᠴᠢ ᠨᠡᠶᠢᠭᠡᠮ ᠤᠨ ᠡᠯ᠎ᠡ ᠬᠦᠷᠢᠶ᠎ᠡ ᠶᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠢᠶᠠᠨ ᠥᠷᠨᠢᠭᠦᠯᠦᠨ᠎ᠡ᠃ | | ᠠᠯᠪᠠᠨ ᠪᠠᠶᠢᠭᠤᠯᠭ᠎ᠠ ᠳᠤ ᠥᠷᠨᠢᠭᠦᠯᠦᠨ᠎ᠡ | | ︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠤᠣᠯ ᠰᠡᠳᠦᠪᠲᠦ ᠡᠳᠦᠷ᠂ ᠠᠯᠪᠠᠨ ᠪᠠᠶᠢᠭᠤᠯᠭ᠎ᠠ ᠶᠢᠨ | ᠺᠠᠳ᠋ᠷᠴᠤᠳ ᠤᠨ ᠤᠯᠤᠰ ᠲᠥᠷᠥ ᠣᠨᠣᠯ ᠤᠨ ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ | ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠢ ᠲᠠᠨᠢᠭᠤᠯᠤᠨ᠎ᠠ᠃ | ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠢ | ᠮᠡᠷᠭᠡᠵᠢᠯᠲᠡᠨ ᠡᠷᠳᠡᠮᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠡ᠃ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ | ᠂ ᠬᠤᠶᠠᠷ ᠲᠤ ᠮᠡᠳᠡᠭᠦᠯᠦᠨ ᠬᠤᠶᠠᠷ ᠲᠤ ᠦᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠢᠯᠡᠴᠢᠯᠡᠬᠦ | ᠡᠲᠡᠭᠡᠳ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ | ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ | ᠶᠠᠪᠤᠳᠠᠯ ᠢ ᠰᠠᠶᠢᠲᠤᠷ ᠰᠢᠢᠳᠪᠦᠷᠢᠯᠡᠨ ᠭᠦᠢᠴᠡᠳᠬᠡᠵᠦ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠢ ᠬᠥᠲᠥᠯᠥᠨ | ᠵᠢᠯᠤᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ | ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃ | | ᠠᠵᠤ ᠠᠬᠤᠶᠢᠯᠠᠯ ᠳᠤ ᠥᠷᠨᠢᠭᠦᠯᠦᠨ᠎ᠡ | | ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠯᠤᠭ᠎ᠠ ᠤᠶᠠᠯᠳᠤᠭᠤᠯᠤᠨ᠂ ᠠᠵᠤ ᠠᠬᠤᠶᠢᠯᠠᠯ ᠳᠤ | ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠰᠤᠷᠤᠯᠴᠠᠯᠭ᠎ᠠ᠂ | ᠪᠣᠯᠪᠠᠰᠤᠷᠠᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ | ᠠᠩᠭᠢ ᠳᠤᠭᠤᠶᠢᠯᠠᠩ ᠳᠤ ᠬᠦᠷᠭᠡᠬᠦ ᠠᠵᠢᠯ ᠢ ᠥᠷᠨᠢᠭᠦᠯᠦᠨ᠂ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ | ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ | ᠰᠡᠳᠦᠪᠲᠦ ᠨᠠᠮ ᠤᠨ ᠬᠢᠴᠢᠶᠡᠯ ᠶᠠᠷᠢᠭᠤᠯᠵᠤ᠂ ᠬᠠᠮᠲᠤ ᠶᠢᠨ ᠠᠵᠢᠯᠯᠠᠭ᠎ᠠ ᠵᠢᠴᠢ ᠰᠢᠯᠢᠳᠡᠭ ᠨᠠᠮ ᠤᠨ ᠭᠡᠰᠢᠭᠦᠨ᠂ | ᠠᠵᠢᠯ ᠲᠦᠷᠦᠯ ᠤᠨ ᠬᠤᠰᠢᠭᠤᠴᠢᠯᠠᠭᠴᠢ᠂ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠳ ᠵᠡᠷᠭᠡ ᠲᠡᠷᠢᠭᠦᠨ ᠤ | ᠨᠡᠶᠢᠲᠡᠯᠢᠭ ᠵᠢᠱᠢᠶ᠎ᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠵᠢᠯᠲᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ | ᠬᠤᠯᠪᠣᠯᠳᠤᠭᠤᠯᠤᠭᠰᠠᠨ ︽ᠰᠡᠳᠬᠢᠯ ᠤᠨ ᠬᠤᠯᠪᠣᠭᠠᠰᠤ︾ ᠶᠢ ᠪᠠᠶᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠤᠨ᠎ᠠ᠃ | ᠨᠡᠶᠢᠭᠡᠮ ᠲᠣᠭᠤᠷᠢᠭ ᠲᠤ ᠥᠷᠨᠢᠭᠦᠯᠦᠨ᠎ᠡ | | ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠪᠠ ᠠᠳᠠᠯ ᠠᠬᠤᠢ ᠶᠢᠨ ᠬᠢᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠶᠢᠨ | ᠸᠢᠴᠠᠲ ᠤᠨ ᠴᠤᠭᠯᠠᠷᠠᠯ᠂ ᠬᠤᠪᠢᠰᠬᠠᠯᠲᠤ ᠰᠦᠯᠵᠢᠶᠡᠨ ᠤ ᠴᠤᠭᠯᠠᠷᠠᠯ᠂ ᠦᠵᠡᠭᠦᠯᠭᠡ ᠶᠢᠨ ᠰᠠᠮᠪᠠᠷ᠎ᠠ ᠵᠡᠷᠭᠡ ᠶᠢ | ᠠᠰᠢᠭᠯᠠᠨ᠂ ᠠᠷᠠᠳ ᠲᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠬᠢᠭᠡᠳ | ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠣᠭᠯᠠᠨ ᠨᠡᠪᠲᠡᠷᠡᠭᠦᠯᠬᠦ᠂ ᠬᠥᠷᠰᠢ | ᠵᠡᠷᠭᠡᠯᠡᠳᠡᠭᠡ ᠪᠠᠷ ᠢᠶᠠᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ ᠥᠷᠨᠢᠭᠦᠯᠦᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠨ ᠬᠠᠮᠲᠤ ᠪᠠᠷ ᠰᠤᠷᠤᠯᠴᠠᠬᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠬᠥᠷᠲᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ | ᠢᠳᠡᠪᠬᠢᠲᠡᠢ ᠪᠣᠢ ᠪᠣᠯᠭᠠᠨ᠎ᠠ᠃ | | ᠭᠠᠴᠠᠭ᠎ᠠ ᠲᠣᠰᠬᠤᠨ ᠳᠤ ᠥᠷᠨᠢᠭᠦᠯᠦᠨ᠎ᠡ | | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠠᠵᠢᠯᠯᠠᠭᠠᠨ ᠢ | ᠬᠢᠨᠠᠮᠠᠭᠠᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ᠂ | ᠲᠣᠰᠬᠤᠨ ᠳᠤ ᠰᠠᠭᠤᠭᠰᠠᠨ ᠠᠵᠢᠯᠯᠠᠬᠤ ᠠᠩᠭᠢ᠂ ᠠᠬᠠᠮᠠᠳ ᠨᠠᠮ ᠤᠨ ᠭᠡᠰᠢᠭᠦᠨ᠂ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠪᠠᠷ | ᠰᠤᠷᠪᠤᠯᠵᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠬᠠᠮᠲᠤ ᠪᠠᠷ ᠵᠣᠭᠤᠭ ᠳᠡᠯᠭᠡᠨ᠂ ᠨᠠᠮ ᠤᠨ | ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠶᠠᠷᠢᠯᠴᠠᠵᠤ | ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠣᠷᠣᠯᠴᠠᠭᠤᠯᠤᠨ᠎ᠠ᠃ ︽ᠨᠠᠮ ᠤᠨ ᠠᠴᠢ ᠳᠤ ᠲᠠᠯᠠᠷᠬᠠᠨ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ | ᠬᠢᠭᠡᠳ ︽ᠠᠨᠠᠷ ᠤᠨ ᠬᠡᠯᠬᠢᠶ᠎ᠡ︾ ᠲᠦᠷᠦ ᠶᠢᠨ ᠪᠣᠳᠣᠯᠭ᠎ᠠ᠂ ᠮᠡᠷᠭᠡᠵᠢᠯ᠂ ᠦᠢᠯᠡᠴᠢᠯᠡᠭᠡ ᠶᠢ ᠦᠨᠳᠦᠰᠦᠨ | ᠱᠠᠲᠤᠨ ᠳᠤ ᠬᠦᠷᠭᠡᠬᠦ ᠠᠵᠢᠯᠯᠠᠭ᠎ᠠ ᠯᠤᠭ᠎ᠠ ᠤᠶᠠᠯᠳᠤᠭᠤᠯᠤᠨ ᠦᠨᠳᠦᠰᠦᠲᠡᠨ ᠤ 18 ᠰᠢᠶᠠᠩ ︵ᠰᠤᠮᠤ︶ ᠳᠤ | ᠭᠦᠨᠵᠡᠭᠡᠶᠢᠷᠡᠵᠦ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃ | | ᠰᠤᠷᠭᠠᠭᠤᠯᠢ ᠨᠤᠭᠤᠳ ᠲᠤ ᠥᠷᠨᠢᠭᠦᠯᠦᠨ᠎ᠡ | | ᠵᠠᠯᠠᠭᠤᠴᠤᠳ ᠪᠠᠭᠠᠴᠤᠳ ᠤᠨ ᠣᠨᠴᠠᠯᠢᠭ ᠯᠤᠭ᠎ᠠ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠳᠠᠬᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ | ᠠᠵᠢᠯᠯᠠᠭ᠎ᠠ ᠶᠢ ᠤᠯᠠᠨ ᠶᠠᠩᠵᠤ ᠪᠠᠷ᠂ ᠪᠠᠶᠠᠯᠢᠭ ᠬᠡᠯᠪᠡᠷᠢ ᠲᠠᠢ ᠥᠷᠨᠢᠭᠦᠯᠦᠨ᠎ᠡ᠃ ︽ᠰᠤᠷᠭᠠᠭᠤᠯᠢ ᠳᠤ ᠣᠷᠣᠬᠤ | ᠨᠠᠰᠤᠨ ᠠᠴᠠ ᠡᠮᠦᠨᠡᠬᠢ ᠨᠡᠶᠢᠲᠡᠯᠢᠭ ᠬᠡᠯᠡ︾ ᠶᠢᠨ ᠰᠤᠷᠭᠠᠨ ᠬᠥᠮᠦᠵᠢᠯ ᠤᠨ ᠲᠤᠰᠬᠠᠢ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ | ᠪᠠᠭ᠎ᠠ ᠠᠴᠠ ᠨᠢ ᠬᠡᠦᠬᠡᠳ ᠤᠨ ᠤᠶᠤᠨ ᠰᠠᠨᠠᠭᠠᠨ ᠳᠤ ᠬᠠᠳᠠᠩᠰᠢᠭᠤᠯᠤᠨ᠎ᠠ᠃ | | ᠴᠡᠷᠢᠭ ᠤᠨ ᠰᠤᠮᠤᠨ ᠠᠩᠭᠢ ᠳᠤ ᠥᠷᠨᠢᠭᠦᠯᠦᠨ᠎ᠡ | | ᠨᠠᠮ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ᠂ ᠡᠯ᠎ᠡ ᠲᠥᠷᠥᠯ ᠤᠨ ᠲᠥᠪᠯᠡᠷᠡᠭᠦᠯᠦᠨ | ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠪᠣᠯᠪᠠᠰᠤᠷᠠᠯ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠪᠠ ᠬᠠᠤᠯᠢ ᠪᠠᠷ ᠵᠠᠰᠠᠬᠤ ᠬᠥᠮᠦᠵᠢᠯ ᠤᠨ ᠬᠠᠪᠰᠤᠷᠤᠨ ᠵᠢᠯᠤᠭᠤᠳᠬᠤ ᠬᠢᠴᠢᠶᠡᠯ ᠢ ᠲᠣᠬᠢᠷᠠᠭᠤᠯᠵᠤ᠂ ᠬᠠᠪᠰᠤᠷᠤᠨ | ᠳᠠᠭᠠᠭᠤᠯᠵᠤ ᠬᠠᠪᠰᠤᠷᠤᠨ ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ ᠵᠡᠷᠭᠡ ᠯᠦᠭᠡ | ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯᠯᠠᠭ᠎ᠠ ᠶᠢ | ᠥᠷᠨᠢᠭᠦᠯᠵᠦ᠂ ᠦᠨᠳᠦᠰᠦᠲᠡᠨ ᠨᠦᠭᠦᠳ ᠤᠨ ᠵᠢᠯᠣᠭᠤᠳᠤᠭᠴᠢ ᠪᠠᠶᠢᠯᠳᠤᠭᠴᠢᠳ ᠢ ᠬᠥᠮᠥᠵᠢᠭᠦᠯᠦᠨ ᠵᠢᠯᠤᠭᠤᠳᠴᠤ | ᠪᠠᠶᠢᠭᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ | ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠣᠷᠣᠯᠴᠠᠭᠤᠯᠤᠨ᠎ᠠ᠃ | | ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠥᠷᠨᠢᠭᠦᠯᠦᠨ᠎ᠡ | | ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠲᠤᠬᠠᠢ ᠠᠵᠢᠯ ᠤᠨ | ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ | ᠱᠠᠰᠢᠨ ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ ᠤ | ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠬᠡ ᠣᠷᠣᠨᠴᠢ ᠦᠵᠡᠯ ᠤᠨ | ᠬᠥᠮᠦᠵᠢᠯ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ | ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ | ᠪᠠᠶᠢᠭᠠᠳ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ | ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠪᠣᠯᠭᠠᠨ᠎ᠠ᠃ | | ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠲᠤ ᠥᠷᠨᠢᠭᠦᠯᠦᠨ᠎ᠡ | | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ | ᠲᠡᠦᠬᠡ ᠶᠢᠨ ᠳᠤᠷᠠᠰᠬᠠᠯᠲᠤ ᠵᠦᠢᠯ ᠪᠠ ᠲᠡᠦᠬᠡ ᠶᠢᠨ ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ | ᠦᠰᠦᠭ ᠬᠤᠣᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ | ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠠᠭᠤᠯᠤᠭᠳᠠᠬᠤᠨ ᠢ | ᠲᠣᠳᠣᠷᠬᠠᠶᠢᠯᠠᠨ ᠲᠠᠶᠢᠯᠪᠤᠷᠢᠯᠠᠨ᠎ᠠ᠃ ᠣᠲᠣ ᠪᠠᠶᠢᠭ᠎ᠠ ᠳᠡᠯᠭᠡᠨ ᠦᠵᠡᠭᠦᠯᠭᠡ ᠶᠢᠨ ᠪᠠᠶᠢᠷᠢᠰᠢᠯ ᠯᠤᠭ᠎ᠠ ᠤᠶᠠᠯᠳᠤᠭᠤᠯᠤᠨ | ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠵᠦ ᠬᠠᠮᠲᠤ ᠪᠠᠷ ᠭᠥᠷᠳᠡᠭᠰᠡᠨ ᠳᠤᠮᠳᠠᠳᠤ ᠶᠢᠨ ᠰᠣᠶᠣᠯ ᠤᠨ | ᠲᠡᠮᠳᠡᠭ ᠪᠠ ᠳᠦᠷᠢ ᠲᠥᠷᠬᠦ ᠶᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ ᠪᠠᠨ ᠴᠢᠩᠭᠠᠳᠬᠠᠨ᠂ | ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ | ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ | ᠴᠢᠬᠤᠯᠠ ᠴᠣᠩᠬᠤᠪᠴᠢ ᠪᠣᠯᠭᠠᠨ᠎ᠠ᠃ | | ᠰᠦᠯᠵᠢᠶᠡᠨ ᠳᠤ ᠥᠷᠨᠢᠭᠦᠯᠦᠨ᠎ᠡ | | ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ︾ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠫᠣᠷᠲ᠋ᠧᠯ ᠰᠦᠯᠵᠢᠶ᠎ᠡ ᠪᠤᠶᠤ | ᠸᠢᠴᠠᠲ ᠤᠨ ᠨᠡᠶᠢᠲᠡ ᠶᠢᠨ ᠲᠠᠪᠴᠠᠩ ᠳᠤ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠨᠠᠮ ᠤᠨ | ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠭᠤᠣᠯ ᠪᠣᠯᠬᠤ ᠵᠠᠭᠤᠴᠢᠯᠠᠭᠤᠷ ᠤᠨ ᠬᠢᠨ ᠰᠢᠨ᠎ᠡ | ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠢᠷᠭᠡᠳ ᠤᠨ | ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠤ᠋ ᠵᠡᠷᠭᠡ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠤᠨ | ᠲᠠᠨᠢᠯᠴᠠᠭᠤᠯᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠪᠣᠯᠭᠠᠨ᠎ᠠ᠃ | | ᠡᠯ᠎ᠡ ᠬᠦᠷᠢᠶ᠎ᠡ ᠴᠠᠷᠠᠭᠠᠨ ᠳᠤ ᠥᠷᠨᠢᠭᠦᠯᠦᠨ᠎ᠡ | | ᠡᠯ᠎ᠡ ᠠᠵᠢᠯ ᠲᠦᠷᠦᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ | ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ ᠢᠳᠡᠪᠬᠢᠲᠡᠢ ᠰᠢᠨ᠎ᠡ ᠶᠢ ᠡᠭᠦᠳᠴᠦ᠂ ᠨᠠᠮ ᠤᠨ | ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ | ᠤᠬᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ | ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠭᠤᠤ ᠶᠡᠭᠡ ᠦᠢᠯᠡᠳᠦᠯᠭᠡ ᠳᠤ | ᠤᠬᠠᠮᠰᠠᠷ ᠠᠴᠠ ᠪᠠᠨ ᠣᠷᠣᠯᠴᠠᠬᠤ ᠪᠣᠯᠭᠠᠨ᠎ᠠ᠃ | | ᠭᠤᠣᠯ ᠲᠠᠯᠠᠪᠤᠷ ᠤᠨ ᠭᠤᠣᠯᠳᠠᠯᠭ᠎ᠠ ᠪᠣᠯᠬᠤ ᠠᠵᠢᠯ | | ᠭᠤᠣᠯ ᠲᠠᠯᠠᠪᠤᠷ ᠤᠨ ᠠᠵᠢᠯᠯᠠᠭ᠎ᠠ | | 4 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠦᠬᠠᠢ ᠬᠤᠲᠠ ᠳᠤ ᠪᠥᠬᠦ ᠣᠷᠣᠨ ᠤ ︽ᠦᠨᠳᠦᠰᠦᠲᠡᠨ ᠤ ᠲᠤᠬᠠᠢ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠣᠯ ᠲᠠᠯᠠᠪᠤᠷ ᠤᠨ ᠠᠵᠢᠯᠯᠠᠭ᠎ᠠ ᠶᠠᠪᠤᠭᠳᠠᠭᠤᠯᠤᠨ᠎ᠠ | ᠃ | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠷᠢᠰ | ᠠᠵᠢᠯᠯᠠᠭ᠎ᠠ | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ | ᠵᠢᠷᠤᠭᠲᠤ ᠵᠠᠷ ᠪᠠ ᠤᠬᠠᠭᠤᠯᠭ᠎ᠠ ᠶᠢᠨ ᠣᠬᠤᠷ ᠸᠢᠳᠢᠤ᠋ ᠡᠯᠰᠡᠬᠦ ᠠᠵᠢᠯᠯᠠᠭ᠎ᠠ ᠳᠤ ᠱᠠᠩᠨᠠᠯ ᠭᠥᠷᠳᠡᠭᠰᠡᠨ ᠪᠦᠲᠦᠭᠡᠯ ᠢ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠫᠤᠷᠲ᠋ᠧᠯ | ᠰᠦᠯᠵᠢᠶ᠎ᠡ ᠪᠠ ᠸᠢᠴᠠᠲ ᠤᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ ᠢ | ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ᠂ ᠲᠡᠳᠡᠭᠡᠷ ᠢ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ | ᠪᠠᠭᠤᠯᠭᠠᠨ ᠠᠪᠴᠤ ᠤᠬᠠᠭᠤᠯᠬᠤ ᠳᠤ ᠬᠡᠷᠡᠭᠯᠡᠵᠦ ᠪᠣᠯᠣᠨ᠎ᠠ᠃ ︽ᠭᠡᠷᠡᠯ ᠵᠢᠷᠤᠭ ᠲᠠᠬᠢ ᠤᠮᠠᠷᠠᠲᠤ ᠬᠢᠯᠢ · | ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠯᠢᠭᠡᠷ︾ ᠭᠡᠬᠦ ᠭᠡᠷᠡᠯ ᠵᠢᠷᠤᠭ ᠤᠨ ᠪᠦᠲᠦᠭᠡᠯ ᠡᠯᠰᠡᠬᠦ ᠤᠷᠤᠯᠳᠤᠭᠠᠨ ᠤ | ᠠᠵᠢᠯᠯᠠᠭ᠎ᠠ ᠶᠢ ᠡᠷᠬᠢᠯᠡᠨ᠎ᠡ᠃ | | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠢᠯᠯᠠᠭ᠎ᠠ | | ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ | ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠠᠷᠭ᠎ᠠ | ᠵᠠᠮ ᠢᠶᠠᠷ ᠤᠬᠠᠭᠤᠯᠭ᠎ᠠ ᠶᠢᠨ ᠠᠵᠢᠯ ᠢᠶᠠᠨ ᠰᠠᠶᠢᠲᠤᠷ ᠬᠢᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ | ᠲᠠᠶᠢᠯᠪᠤᠷᠢᠯᠠᠬᠤ ᠠᠵᠢᠯ ᠥᠷᠨᠢᠭᠦᠯᠦᠨ᠎ᠡ᠃ ᠡᠯ᠎ᠡ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠬᠤᠯᠪᠤᠭᠠᠯᠠᠨ | ᠰᠤᠷᠤᠯᠴᠠᠵᠤ ᠬᠤᠯᠪᠤᠭᠠᠯᠠᠨ ᠪᠠᠶᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠨ᠎ᠡ᠃ | | ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ | | ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ | ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠯ᠎ᠡ ᠰᠠᠯᠠᠭ᠎ᠠ ᠮᠥᠴᠢᠷ ᠨᠢᠭᠡᠴᠢ ᠶᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠠᠵᠢᠯᠯᠠᠭ᠎ᠠ ᠶᠢᠨ ᠴᠥᠷᠬᠡᠯᠡᠭᠡ ᠶᠢ | ᠸᠢᠴᠠᠲ ᠤᠨ ᠨᠡᠶᠢᠲᠡ ᠶᠢᠨ ᠲᠠᠪᠴᠠᠩ ᠢᠶᠠᠷ ᠢᠳᠡᠪᠬᠢᠲᠡᠢ ᠳᠠᠮᠵᠢᠭᠤᠯᠤᠨ ᠲᠠᠷᠬᠠᠭᠠᠵᠤ᠂ ᠠᠵᠢᠯᠯᠠᠭ᠎ᠠ ᠶᠢᠨ ᠬᠠᠮᠤᠷᠬᠤ | ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | | ᠤᠬᠠᠭᠤᠯᠭ᠎ᠠ ᠶᠢᠨ ᠣᠬᠤᠷ ᠮᠡᠳᠡᠭᠡ ᠳᠠᠮᠵᠢᠭᠤᠯᠬᠤ ᠠᠵᠢᠯᠯᠠᠭ᠎ᠠ | | 5 ᠳ᠋ᠤᠭᠠᠷ ᠰᠠᠷ᠎ᠠ ᠶᠢᠨ ᠡᠬᠢ ᠪᠠᠷ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ | ᠵᠡᠷᠭᠡ ᠡᠵᠡᠩᠨᠡᠨ ᠠᠵᠢᠯᠯᠠᠭᠰᠠᠳ ᠢᠶᠠᠷ ᠳᠠᠮᠵᠢᠭᠤᠯᠤᠨ᠂ ᠪᠥᠬᠦ ᠣᠷᠣᠨ ᠤ ᠭᠠᠷ ᠤᠲᠠᠰᠤᠨ ᠤ ᠬᠡᠷᠡᠭᠯᠡᠭᠴᠢᠳ ᠲᠤ | ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠢ ᠳᠠᠮᠵᠢᠭᠤᠯᠤᠨ᠎ᠠ᠃ | | ᠠᠵᠢᠯ ᠤᠨ ᠱᠠᠭᠠᠷᠳᠠᠯᠭ᠎ᠠ | | ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠤ ᠪᠠᠨ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ ᠪᠠᠨ ᠡᠵᠡᠮᠳᠡᠬᠦ ᠬᠡᠷᠡᠭᠲᠡᠢ︔ ᠠᠷᠭ᠎ᠠ | ᠬᠡᠯᠪᠡᠷᠢ ᠠᠷᠭ᠎ᠠ ᠮᠠᠶ᠋ᠢᠭ ᠢ ᠠᠩᠬᠠᠷᠴᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠨ᠂ ᠱᠠᠲᠤ ᠱᠠᠲᠤ ᠪᠠᠷ ᠠᠵᠢᠯ ᠤᠨ | ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠢ᠂ ᠦᠨᠳᠦᠰᠦᠨ ᠱᠠᠲᠤᠨ ᠤ ᠳᠠᠷᠤᠭᠠᠰᠤ ᠶᠢ ᠨᠢ ᠨᠡᠮᠡᠭᠳᠡᠭᠦᠯᠵᠦ ᠪᠣᠯᠬᠤ | ᠦᠭᠡᠢ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠠᠷᠬᠠᠨ ᠬᠦᠯᠢᠶᠡᠨ ᠠᠪᠬᠤ ᠬᠡᠯᠪᠡᠷᠢ ᠪᠠᠷ | ᠤᠬᠠᠭᠤᠯᠭ᠎ᠠ ᠶᠢᠨ ᠠᠵᠢᠯ ᠢᠶᠠᠨ ᠥᠷᠨᠢᠭᠦᠯᠵᠦ᠂ ᠪᠣᠳᠠᠲᠤ ᠬᠡᠷᠡᠭ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ | ᠵᠢᠱᠢᠶ᠎ᠡ ᠪᠠᠷ ᠶᠣᠰᠣ ᠤᠴᠢᠷ ᠢ ᠲᠣᠳᠣᠷᠬᠠᠶᠢᠯᠠᠬᠤ ᠳᠤ ᠪᠠᠨ ᠴᠢᠳᠠᠮᠠᠭᠠᠢ ᠪᠠᠶᠢᠬᠤ ᠬᠡᠷᠡᠭᠲᠡᠢ︔ ᠪᠦᠲᠦᠮᠵᠢᠲᠡᠶ | ᠲᠤᠷᠰᠢᠯᠭ᠎ᠠ ᠪᠠ ᠠᠷᠭ᠎ᠠ ᠶᠢ ᠴᠠᠭ ᠲᠤᠬᠠᠢ ᠳᠤ ᠨᠢ ᠳ᠋ᠦᠩᠨᠡᠵᠦ᠂ ᠨᠠᠮ ᠤᠨ ᠦᠨᠳᠦᠰᠦᠲᠡᠨ ᠤ ᠲᠤᠬᠠᠢ ᠣᠨᠣᠯ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | |