ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠵᠢᠯᠴᠢᠨ ᠲᠠᠷᠢᠶᠠᠴᠢᠨ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ᠂ | ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ | ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ | ᠪᠠᠶᠢᠬᠤ ᠪᠠᠨ ᠢᠯᠡᠳᠬᠡᠪᠡ︕ | | ᠯᠢ ᠴᠢᠶᠠᠩ ᠬᠤᠷᠠᠯ ᠢ ᠡᠷᠭᠢᠯᠡᠵᠦ ᠵᠣᠣ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ ᠳᠤ | ᠤᠷᠤᠯᠴᠠᠵᠤ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠭᠢᠯᠭᠠᠨ ᠮᠡᠳᠡᠭᠡ ᠳᠤᠮᠳᠠᠳᠤ ᠶᠢᠨ ᠪᠦᠭᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ 28 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ | ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠡᠷᠬᠡᠪᠰᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ | ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ | ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ ᠠᠯᠬᠤᠮ ᠠᠯᠬᠤᠮ ᠢᠶᠠᠷ | ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ | ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ | ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | | ︽5•1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ | ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ | ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠪᠡ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ ᠡᠲᠡᠭᠡᠳ ᠤᠨ | ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ | ᠪᠠᠶᠢᠬᠤ ᠪᠠᠨ ᠢᠯᠡᠳᠬᠡᠪᠡ︕ | | ᠯᠢ ᠴᠢᠶᠠᠩ ᠶᠡᠭᠡ ᠬᠤᠷᠠᠯ ᠢ ᠡᠷᠭᠢᠯᠡᠵᠦ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ | ᠣᠷᠣᠯᠴᠠᠵᠤ᠂ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ | | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠥᠭᠡᠳ ᠭᠦᠷ | ᠬᠥᠭᠵᠢᠶᠡᠨ ᠲᠠᠢ ᠠᠭᠤᠷ ᠠᠮᠢᠰᠬᠤᠯ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ︾ ᠭᠡᠰᠡᠨ ᠦᠰᠦᠭ ᠲᠠᠢ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ | ᠤᠯᠤᠰ ᠤᠨ ᠠᠵᠢᠯᠴᠢᠨ ᠤ ᠡᠪᠯᠡᠯ ᠤᠨ ᠬᠤᠷᠠᠯ ᠤᠨ ᠰᠦᠯᠳᠡ ᠶᠢ ᠡᠯᠭᠦᠵᠦ᠂ ᠬᠤᠷᠠᠯ ᠤᠨ ᠰᠦᠯᠳᠡ ᠶᠢᠨ ᠳᠣᠣᠷ᠎ᠠ | ᠲᠠᠯ᠎ᠠ ᠳᠤ ︽1925 - 2025︾ ᠭᠡᠰᠡᠨ ᠲᠤᠭ᠎ᠠ ᠡᠯᠭᠦᠵᠦ᠂ 10 ᠤᠯᠠᠭᠠᠨ ᠲᠤᠭ ᠢ ᠬᠤᠶᠠᠷ ᠭᠠᠷᠯᠠᠨ | ᠵᠢᠭᠰᠠᠭᠠᠵᠠᠢ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ᠄ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤᠮᠳᠠ ᠠᠵᠢᠯᠴᠢᠨ ᠠᠩᠭᠢ ᠶᠢᠨ ᠭᠤᠣᠯ | ᠬᠦᠴᠦᠨ ᠤ ᠦᠢᠯᠡᠳᠦᠯ ᠪᠠ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠤᠶ᠎ᠠ︕︾ ᠭᠡᠬᠦ ᠤᠷᠢᠶ᠎ᠠ ᠶᠢ ᠡᠯᠭᠦᠵᠡᠢ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠵᠡᠢ᠃ ᠪᠦᠭᠦᠳᠡᠭᠡᠷ ᠢᠶᠠᠨ ᠪᠣᠰᠴᠤ ᠵᠣᠭᠰᠣᠨ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠼᠠᠢ ᠴᠢ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ 1670 ᠬᠥᠮᠥᠨ ᠳᠤ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ᠂ 756 ᠬᠥᠮᠥᠨ ᠳᠤ ᠪᠦᠭᠦ ᠤᠯᠤᠰ ᠤᠨ ᠲᠡᠷᠢᠭᠦᠨ ᠤ | ᠠᠵᠢᠯᠲᠠᠨ ᠤ ᠴᠣᠯᠠ ᠣᠯᠭᠤᠪᠠ᠃ | ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ | ᠲᠡᠷᠢᠭᠦᠨ ᠤ ᠠᠵᠢᠯᠲᠠᠨ ᠤ ᠲᠥᠯᠥᠭᠡᠯᠡᠭᠴᠢ ᠠᠯᠬᠤᠮ ᠲᠠᠷᠠᠭ᠎ᠠ ᠲᠠᠢ ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ | ᠰᠢ ᠶᠢᠨ ᠫᠢᠩ ᠨᠠᠷ ᠲᠡᠳᠡᠨ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ | | | | | 4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ | ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠵᠢᠷᠤᠭ ᠪᠣᠯ᠂ ᠰᠢ ᠶᠢᠨ ᠫᠢᠩ ᠵᠡᠷᠭᠡ ᠨᠠᠮ ᠪᠠ | ᠲᠦᠷᠦ ᠶᠢᠨ ᠤᠳᠤᠷᠢᠳᠬᠤ ᠬᠥᠮᠥᠰ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ | ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠤ ᠪᠠᠶᠢᠭ᠎ᠠ ᠨᠢ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | | ᠳᠤᠮᠳᠠᠳᠤ ᠤᠯᠤᠰ ᠤᠨ ᠡᠯ ᠴᠦᠡᠭ ᠳ᠋ᠧ ᠶᠠᠩ ᠸᠠᠨ ᠬᠠᠩ ᠬᠡᠪ ᠳᠠᠪᠲᠠᠬᠤ ᠺᠤᠮᠫᠠᠨᠢ ᠶᠢᠨ ᠠᠩᠭᠢ ᠶᠢᠨ ᠳᠠᠷᠤᠭ᠎ᠠ | ᠶᠧ ᠯᠢᠨ ᠸᠧᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠲᠥᠯᠥᠭᠡᠯᠡᠨ | ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ | 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠡᠯ᠎ᠡ | ᠱᠠᠲᠤᠨ ᠤ ᠠᠵᠢᠯᠴᠢᠨ ᠤ ᠡᠪᠯᠡᠯ ᠨᠠᠮ ᠤᠨ ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ᠂ | ᠮᠠᠨ ᠤ ᠤᠯᠤᠰ ᠤᠨ ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ | ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠵᠢᠳᠬᠦᠯ | ᠪᠠᠶᠢᠭᠤᠯᠵᠤ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ | ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ | ᠬᠢᠵᠦ᠂ ᠠᠯᠢ ᠤᠯᠠᠨ ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ | ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ | ᠠᠵᠢᠯᠴᠢᠨ ᠤ ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ | ᠬᠥᠳᠡᠯᠭᠡᠭᠡᠨ ᠤ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠪᠦᠭᠦ ᠲᠠᠯ᠎ᠠ ᠶᠢᠨ ᠲᠠᠪᠰᠢᠯᠳᠠ ᠶᠢ | ᠪᠡᠶᠡᠯᠡᠭᠦᠯᠬᠦ ᠶᠢ ᠠᠬᠢᠭᠤᠯᠪᠠ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠢ | ᠪᠦᠯᠬᠦᠮᠳᠡᠭᠦᠯᠦᠨ ᠳᠠᠶᠢᠴᠢᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ | ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ | ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ | ᠨᠡᠷ᠎ᠡ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ | ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ 100 ᠵᠢᠯ ᠤᠨ ᠲᠤᠷᠰᠢᠬᠢ | ᠦᠢᠯᠡᠳᠦᠯᠭᠡ ᠭᠦᠢᠴᠡᠳ ᠭᠡᠷᠡᠴᠢᠯᠡᠪᠡ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ | ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ | ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ | ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ | ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ ᠪᠠ ᠨᠡᠶᠢᠭᠡᠮ ᠤᠨ ᠬᠠᠮᠲᠤ ᠤᠯᠠᠨ ᠬᠡᠷᠬᠢᠨ ᠬᠥᠭᠵᠢᠨ | ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠢ | ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ | ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ ᠤᠯᠤᠰ ᠤᠨ ᠠᠵᠢᠯᠴᠢᠨ ᠤ ᠡᠪᠯᠡᠯ ᠤᠨ | ᠰᠢᠨᠵᠢ ᠴᠢᠨᠠᠷ ᠪᠠ ᠡᠭᠦᠷᠭᠡ ᠴᠢᠳᠠᠪᠤᠷᠢ ᠶᠢ ᠭᠤᠶᠢᠪᠢᠯᠵᠠᠭᠤᠯᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ 100 ᠵᠢᠯ ᠤᠨ ᠲᠤᠷᠰᠢᠬᠢ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ | ᠰᠢᠨ᠎ᠡ ᠡᠭᠦᠳᠦᠯᠲᠡ ᠪᠣᠯᠣᠨ ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ | ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ | ᠠᠵᠢᠯᠴᠢᠨ ᠤ ᠡᠪᠯᠡᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠭᠦ | ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ | ᠨᠠᠮ ᠤᠨ ᠭᠤᠣᠯ ᠡᠭᠦᠷᠭᠡ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ | ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠤᠯᠭᠠᠬᠤ ᠶᠢ | ᠪᠠᠷᠢᠮᠲᠠᠯᠠᠵᠤ᠂ ᠬᠠᠤᠯᠢ ᠶᠣᠰᠣᠭᠠᠷ ᠳᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠨᠠᠮ ᠠᠴᠠ | ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ | ᠲᠤᠷᠰᠢᠯᠭ᠎ᠠ ᠶᠢᠨ ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ | ᠦᠶ᠎ᠡ ᠶᠢᠨ ᠭᠤᠣᠯ ᠰᠡᠳᠦᠪ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠮᠠᠨ ᠤ ᠤᠯᠤᠰ ᠤᠨ | ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠤᠯᠠᠮ ᠳᠠᠶᠢᠴᠢᠯᠠᠨ ᠵᠣᠷᠢᠭᠵᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠠᠩ ᠶᠡᠭᠡ | ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ | ᠪᠠᠶᠢᠭᠤᠯᠵᠤ ᠦᠢᠯᠡᠰ ᠪᠣᠰᠬᠠᠬᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ | ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠳᠤ ᠵᠣᠬᠢᠴᠠᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ | ᠦᠢᠯᠡᠳᠦᠯᠭᠡᠵᠢᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠬᠠᠮᠲᠤ ᠪᠠᠷ ᠪᠠᠶᠠᠵᠢᠬᠤ ᠶᠢ | ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠤ ᠠᠵᠠ | ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠪᠣᠯ ᠴᠥᠮ ᠠᠷᠠᠳ ᠲᠦᠮᠡᠨ ᠤ | ᠬᠡᠪ ᠳᠠᠭᠤᠷᠢᠶᠠᠯ᠂ ᠤᠯᠤᠰ ᠤᠨ ᠲᠤᠯᠭᠠᠭᠤᠷᠢ ᠬᠦᠴᠦᠨ ᠮᠥᠨ᠂ ᠪᠦᠭᠦ ᠨᠡᠶᠢᠭᠡᠮ ᠢᠶᠠᠷ ᠢᠶᠠᠨ ᠳᠡᠳᠡᠨ ᠤ ᠦᠢᠯᠡ | ᠠᠵᠢᠯᠯᠠᠭ᠎ᠠ ᠶᠢ ᠰᠤᠷᠤᠯᠴᠠᠵᠤ᠂ ᠳᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ᠂ ᠮᠥᠨ ᠴᠢᠨᠠᠷ ᠢᠶᠠᠨ ᠬᠠᠳᠠᠭᠠᠯᠠᠵᠤ᠂ | ᠦᠷᠭᠦᠯᠵᠢᠯᠡᠨ ᠴᠢᠷᠮᠠᠶᠢᠵᠤ᠂ ᠲᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ ᠤ ᠠᠵᠢᠯᠴᠢᠨ ᠤ ᠡᠪᠯᠡᠯ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ | ᠠᠵᠢᠯᠴᠢᠨ ᠪᠠ ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ | ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ | ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ | ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ | ᠬᠡᠰᠡᠭ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ | ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠶᠠᠷᠢᠶᠠᠨ ᠤ | ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠪᠡ︶ | ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | 100 ᠵᠢᠯ ᠤᠨ ᠲᠤᠷᠰᠢᠬᠢ ᠨᠠᠮ ᠤᠨ ᠤᠳᠤᠷᠢᠳᠤᠭᠰᠠᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ | ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ | ᠤᠯᠤᠰ ᠤᠨ ᠠᠵᠢᠯᠴᠢᠨ ᠠᠩᠭᠢ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠨᠠᠮ ᠪᠣᠯᠣᠨ ᠤᠯᠤᠰ ᠤᠨ | ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠠᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠨᠤᠲᠠᠯᠠᠵᠤ᠂ | ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠡᠷᠬᠢᠮ ᠨᠠᠨᠳᠢᠨ | ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ | ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ | ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠶᠠᠷᠢᠶᠠᠨ ᠳᠤ | ᠨᠠᠮ ᠤᠨ ᠲᠥᠪ ᠬᠤᠷᠢᠶ᠎ᠠ ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ | ᠳᠣᠲᠣᠨᠣ ᠪᠠᠷ ᠬᠠᠯᠠᠮᠵᠢᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ | ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ | ᠲᠠᠭᠢᠨ ᠰᠢᠨ᠎ᠡ ᠭᠠᠪᠢᠶ᠎ᠠ ᠪᠠᠶᠢᠭᠤᠯᠤᠨ᠂ ᠲᠠᠭᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠶᠡᠭᠡ | ᠬᠤᠷᠠᠯ ᠳᠡᠭᠡᠷ᠎ᠡ ᠦᠭᠡ ᠬᠡᠯᠡᠪᠡ᠃ | ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠳᠤᠮᠳᠠ ᠲᠡᠭᠦᠰᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠤᠨ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠬᠤᠷᠠᠯ ᠳᠤ | ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ | ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢ᠂ ᠡᠯ᠎ᠡ ᠮᠤᠵᠢ ᠶᠢᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠥᠯᠥᠭᠡᠯᠡᠭᠴᠢ᠂ | 2025 ᠣᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ᠂ ᠥᠩᠭᠡᠷᠡᠭᠰᠡᠨ | ᠬᠤᠭᠤᠴᠠᠭᠠᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ | ᠵᠡᠷᠭᠡ 3000 ᠭᠠᠷᠤᠢ ᠬᠥᠮᠥᠨ ᠶᠡᠭᠡ ᠬᠤᠷᠠᠯ ᠳᠤ ᠣᠷᠣᠯᠴᠠᠵᠠᠢ᠃ | |