ᠰᠢ ᠶᠢᠨ ᠫᠢᠩ ᠯᠢᠶᠣᠤᠨᠢᠩ ᠤᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠷᠬᠠᠲᠤᠭᠰᠠᠳ ᠢ ᠪᠥᠬᠦ ᠬᠦᠴᠦᠨ ᠢᠶᠠᠷ ᠢᠶᠠᠨ ᠠᠪᠤᠷᠠᠨ ᠡᠮᠨᠡᠵᠦ ᠠᠳᠡᠭᠰᠡᠳ ᠤᠨ ᠬᠤᠶᠢᠲᠤᠬᠢ ᠶᠠᠪᠤᠳᠠᠯ ᠢ ᠲᠣᠬᠢᠲᠠᠢ ᠰᠠᠶᠢᠲᠤᠷ ᠬᠢᠵᠦ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ
ᠨᠡᠶᠢᠲᠡᠯᠡᠭᠰᠡᠨ ᠴᠠᠭ᠄
2025/4/30
  ᠯᠢ ᠴᠢᠶᠠᠩ ᠴᠣᠬᠤᠯᠠᠪᠤᠷᠢ ᠥᠭᠴᠡᠢ   ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ ᠡᠳᠦᠷ ᠤᠨ 12 ᠴᠠᠭ 25 ᠮᠢᠨᠦ᠋ᠲ ᠲᠤ ᠯᠢᠶᠣᠤᠨᠢᠩ ᠤᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠰᠠᠨ ᠯᠢ ᠵᠤᠸᠠᠩ ᠳᠠᠬᠢ ᠪᠤᠴᠠᠭᠠᠵᠤ ᠨᠡᠭᠦᠯᠭᠡᠭᠰᠡᠨ ᠠᠰᠠᠷ ᠤᠨ ᠣᠶᠢᠷᠠᠯᠴᠠᠭᠠᠬᠢ ᠨᠢᠭᠡᠨ ᠬᠤᠭᠤᠯᠠᠨ ᠭᠡᠷ ᠲᠤ ᠭᠠᠯ ᠭᠠᠷᠴᠠᠢ᠃ 14 ᠴᠠᠭ ᠪᠣᠯᠲᠠᠯ᠎ᠠ᠂ 22 ᠬᠥᠮᠥᠨ ᠠᠳᠡᠵᠦ᠂ 3 ᠬᠥᠮᠥᠨ ᠰᠢᠷᠬᠠᠲᠤᠭᠠᠳ ᠪᠠᠶᠢᠨ᠎ᠠ᠃  ᠠᠳᠡᠯ ᠭᠠᠷᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠯᠢᠶᠣᠣᠨᠢᠩ ᠮᠤᠵᠢ ᠶᠢᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠤᠨ ᠭᠠᠮᠰᠢᠭ ᠭᠠᠷᠴᠤ ᠬᠥᠮᠥᠨ ᠬᠠᠷ᠎ᠠ ᠶᠡᠭᠡ ᠪᠠᠷ ᠠᠳᠡᠵᠦ ᠰᠢᠷᠬᠠᠲᠤᠵᠤ᠂ ᠮᠠᠰᠢ ᠭᠦᠨᠵᠡᠭᠡᠢ ᠰᠤᠷᠭᠠᠮᠵᠢ ᠪᠣᠯᠣᠯ᠎ᠠ︕ ᠰᠢᠷᠬᠠᠲᠤᠭᠰᠠᠳ ᠢ ᠪᠦᠬᠦ ᠬᠦᠴᠦ ᠪᠠᠷ ᠢᠶᠠᠨ ᠠᠪᠤᠷᠠᠨ ᠡᠮᠨᠡᠵᠦ᠂ ᠠᠳᠡᠭᠰᠡᠳ ᠤᠨ ᠬᠤᠶᠢᠲᠤᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠵᠦ᠂ ᠰᠢᠯᠲᠠᠭᠠᠨ ᠢ ᠨᠢ ᠳᠠᠷᠤᠢ ᠲᠦᠷᠭᠡᠨ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ︽5 · 1︾ ᠤ ᠠᠮᠠᠷᠠᠯᠲᠠ ᠤᠳᠠᠯ ᠦᠭᠡᠢ ᠬᠦᠷᠴᠦ ᠢᠳᠡᠬᠦ ᠪᠣᠯᠣᠯ᠎ᠠ᠂ ᠤᠯᠠᠨ ᠲᠦᠮᠡᠨ ᠭᠠᠳᠠᠭᠰᠢ ᠭᠠᠷᠴᠤ ᠵᠢᠭᠤᠯᠴᠢᠯᠠᠬᠤ ᠣᠯᠠᠰᠢᠷᠠᠵᠤ᠂ ᠠᠮᠠᠷᠠᠯᠲᠠ ᠶᠢᠨ ᠡᠳᠦᠷ ᠤᠨ ᠠᠵᠢᠯᠯᠠᠭ᠎ᠠ ᠲᠥᠪᠯᠡᠷᠡᠬᠦ ᠪᠣᠯᠣᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃  ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠬᠥᠮᠥᠰ ᠢ ᠪᠦᠬᠦ ᠬᠦᠴᠦ ᠪᠠᠷ ᠢᠶᠠᠨ ᠡᠷᠢᠵᠦ ᠠᠪᠤᠷᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠵᠣᠬᠢᠶᠠᠨ ᠪᠠᠶᠢᠭᠤᠯᠵᠤ᠂ ᠠᠳᠡᠭᠰᠡᠳ ᠤᠨ ᠬᠤᠶᠢᠲᠤᠬᠢ ᠶᠠᠪᠤᠳᠠᠯ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠶᠢᠨ ᠬᠠᠮᠲᠤ ᠠᠳᠡᠯ ᠤᠨ ᠰᠢᠯᠲᠠᠭᠠᠨ ᠢ ᠱᠠᠯᠠᠪᠳᠠᠨ ᠪᠠᠶᠢᠴᠠᠭᠠᠨ ᠲᠣᠳᠣᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠳᠣᠬᠠᠨ ᠳᠤ ︽5 · 1︾ ᠤ ᠠᠮᠠᠷᠠᠯᠲᠠ ᠣᠶᠢᠷᠠᠳᠴᠤ ᠪᠠᠶᠢᠨ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠬᠤ ᠶᠢ ᠵᠢᠯᠣᠭᠤᠳᠤᠨ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠤᠯ ᠤᠨ ᠬᠦᠨᠳᠦ ᠣᠨᠴᠠ ᠶᠡᠭᠡ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠶᠢ ᠵᠢᠭᠠᠨ ᠵᠢᠯᠣᠭᠤᠳᠪᠠ᠃ ᠯᠢᠶᠣᠤᠨᠢᠩ ᠮᠤᠵᠢ᠂ ᠯᠢᠶᠣᠣᠶᠠᠩ ᠬᠤᠲᠠ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠥᠷᠨᠢᠭᠦᠯᠪᠡ᠃ ᠣᠳᠣᠬᠠᠨ ᠳᠤ ᠲᠤᠬᠠᠢ ᠶᠢᠨ ᠲᠠᠯᠠᠪᠠᠢ ᠳᠤ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1