ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ | | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 29 ᠤ ᠡᠳᠦᠷ | ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠩᠬᠠᠢ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ | ᠠᠵᠠ ᠲᠣᠭᠢᠶᠠᠯ ᠢ ᠠᠮᠵᠢᠨ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠬᠥᠲᠥᠯᠥᠮᠵᠢ ᠪᠤᠯᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠰᠤᠷᠪᠤᠯᠵᠢ ᠶᠢᠨ ᠴᠢᠳᠠᠮᠵᠢ ᠪᠣᠯᠣᠨ ᠳᠡᠭᠡᠳᠦ | ᠳᠡᠰ ᠤᠨ ᠠᠵᠤ ᠦᠢᠯᠡᠰ ᠤᠨ ᠬᠥᠲᠥᠯᠥᠨ ᠳᠠᠭᠠᠭᠤᠯᠬᠤ ᠴᠢᠳᠠᠮᠵᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠭᠦ | ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠥᠨᠳᠦᠷᠯᠢᠭ ᠢ ᠲᠦᠷᠭᠡᠳᠬᠡᠨ ᠪᠠᠶᠢᠭᠤᠯᠵᠤ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 4 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ ᠰᠢᠦᠢ ᠬᠤᠢ ᠲᠣᠭᠤᠷᠢᠭ ᠲᠤ | ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ | ᠠᠬᠤᠢ ᠶᠢᠨ ᠨᠡᠶᠢᠭᠡᠮ ᠲᠣᠭᠤᠷᠢᠭ ᠤᠨ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ | ᠳᠡᠯᠭᠡᠭᠦᠷ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | 29 ᠤ ᠦᠳᠡ ᠶᠢᠨ ᠡᠮᠦᠨ᠎ᠡ᠂ ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠴᠧᠨ ᠵᠢᠢ ᠨᠢᠩ ᠪᠣᠯᠣᠨ ᠬᠤᠳᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠤᠯᠭ᠎ᠠ ᠲᠠᠢ ᠪᠠᠷ ᠰᠢᠦᠢ ᠬᠤᠢ | ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ | ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃ | ︽ᠮᠦᠸᠧ ᠰᠦ᠋ ᠣᠷᠣᠨ ᠵᠠᠢ︾ ᠪᠣᠯ ᠱᠠᠩᠬᠠᠢ ᠬᠤᠲᠠ ᠶᠢᠨ ᠡᠭᠦᠳᠦᠭᠰᠡᠨ ᠵᠣᠬᠢᠶᠠᠮᠠᠯ ᠣᠶᠤᠨ ᠴᠢᠳᠠᠪᠤᠷᠢ ᠶᠢᠨ | ᠲᠣᠮᠣ ᠵᠠᠭᠪᠤᠷ ᠤᠨ ᠲᠤᠰᠬᠠᠢ ᠮᠡᠷᠭᠡᠵᠢᠯ ᠤᠨ ᠨᠡᠪᠴᠢᠭᠦᠯᠬᠦ ᠪᠠ ᠲᠦᠷᠭᠡᠳᠬᠡᠬᠦ ᠲᠠᠪᠴᠠᠩ ᠪᠣᠯᠣᠨ᠎ᠠ᠂ ᠨᠢᠭᠡᠨᠲᠡ 100 | ᠭᠠᠷᠤᠢ ᠠᠵᠤ ᠠᠬᠤᠶᠢᠯᠠᠯ ᠣᠷᠣᠵᠤ ᠰᠠᠭᠤᠪᠠ᠃ ᠰᠢ ᠶᠢᠨ ᠫᠢᠩ ᠠᠳᠡ ᠢᠷᠡᠵᠦ᠂ ᠸᠢᠳᠢᠤ᠋ ᠣᠬᠤᠷ ᠹᠢᠯᠢᠮ ᠢᠶᠠᠷ | ᠱᠠᠩᠬᠠᠢ ᠬᠤᠳᠠ ᠶᠢᠨ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ | ᠣᠶᠢᠯᠠᠭᠠᠵᠤ᠂ ᠭᠤᠣᠯᠳᠠᠯᠭ᠎ᠠ ᠲᠠᠢ ᠨᠡᠪᠴᠢᠭᠦᠯᠬᠦ ᠠᠵᠤ ᠠᠬᠤᠶᠢᠯᠠᠯ ᠤᠨ ᠲᠣᠮᠣ ᠵᠠᠭᠪᠤᠷ ᠤᠨ ᠦᠢᠯᠡᠳᠬᠦᠨ ᠤ | ᠦᠵᠡᠭᠦᠯᠭᠡ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠨᠢᠯᠴᠠᠭᠤᠯᠭ᠎ᠠ ᠶᠢ ᠰᠣᠨᠣᠰᠪᠠ᠃ | ᠰᠢ ᠶᠢᠨ ᠫᠢᠩ ᠱᠠᠩᠬᠠᠢ ᠶᠢᠨ ᠵᠣᠬᠢᠶᠠᠮᠠᠯ ᠤᠶᠤᠨ ᠴᠢᠳᠠᠪᠤᠷᠢ ᠶᠢ ᠢᠳᠡᠪᠬᠢᠲᠡᠢ ᠬᠥᠭᠵᠢᠭᠦᠯᠦᠭᠡᠳ ᠣᠯᠣᠭᠰᠠᠨ | ᠪᠣᠳᠠᠲᠤ ᠦᠷ᠎ᠡ ᠪᠦᠲᠦᠮᠵᠢ ᠶᠢ ᠨᠤᠲᠠᠯᠠᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ | ᠰᠢᠨᠡᠴᠢᠯᠡᠭᠳᠡᠵᠦ᠂ ᠶᠠᠭ ᠥᠷᠨᠢᠭᠦᠨ ᠬᠥᠭᠵᠢᠯᠲᠡ ᠪᠠᠨ ᠤᠭᠲᠤᠵᠤ ᠪᠠᠶᠢᠨ᠎ᠠ᠂ ᠱᠠᠩᠬᠠᠢ ᠬᠤᠲᠠ ᠶᠢᠨ ᠬᠢᠨ ᠲᠣᠮᠣ | ᠵᠠᠭᠪᠤᠷ ᠤᠨ ᠠᠵᠤ ᠦᠢᠯᠡᠰ ᠤᠨ ᠠᠮᠢ ᠠᠬᠤᠢ ᠶᠢᠨ ᠰᠢᠰᠲ᠋ᠧᠮ ᠢᠶᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ | ᠦᠢᠯᠡᠰ ᠢ ᠨᠡᠪᠴᠢᠭᠦᠯᠦᠭᠰᠡᠨ ᠵᠡᠷᠭᠡ ᠠᠮᠵᠢᠯᠲᠠᠲᠠᠢ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠰᠦᠪᠡᠭᠴᠢᠯᠡᠬᠦ | ᠡᠷᠴᠢᠮ ᠢᠶᠠᠨ ᠴᠢᠩᠭᠠᠷᠠᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠵᠡᠷᠭᠡ ᠡᠯ᠎ᠡ | ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠵᠢᠱᠢᠶ᠎ᠡ ᠦᠵᠡᠭᠦᠯᠭᠦ ᠦᠢᠯᠡᠳᠦᠯ ᠭᠠᠷᠭᠠᠬᠤ ᠪᠠᠷ ᠴᠢᠷᠮᠠᠶᠢᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | | | | | | 4 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ ᠰᠢᠦᠢ ᠬᠤᠢ ᠲᠣᠭᠤᠷᠢᠭ ᠲᠤ | ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ | ᠠᠬᠤᠢ ᠶᠢᠨ ᠨᠡᠶᠢᠭᠡᠮ ᠲᠣᠭᠤᠷᠢᠭ ᠲᠤ᠂ ︽ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ | ᠳᠠᠭᠠᠭᠠᠭᠰᠠᠨ ᠬᠤᠪᠢᠰᠤᠯ︾ ᠭᠤᠣᠯ ᠰᠡᠳᠦᠪᠲᠦ ᠱᠠᠯᠦ᠋ᠨ ᠳᠤ ᠣᠷᠣᠯᠴᠠᠵᠤ ᠪᠠᠶᠢᠭᠰᠠᠨ ᠰᠢᠨ᠎ᠡ ᠶᠢ ᠡᠭᠦᠳᠬᠦ ᠵᠠᠯᠠᠭᠤ | ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ︽ᠮᠦᠸᠧ ᠰᠦ᠋ ᠣᠷᠣᠨ ᠵᠠᠢ︾ ᠶᠢᠨ 3 ᠳᠠᠪᠬᠤᠷᠭ᠎ᠠ ᠳᠤ᠂ ︽ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ | ᠴᠣᠭᠴᠠ ᠶᠢᠨ ᠪᠡᠶ᠎ᠡ ᠪᠠᠨ ᠳᠠᠭᠠᠭᠠᠭᠰᠠᠨ ᠬᠤᠪᠢᠰᠤᠯ︾ ᠭᠤᠣᠯ ᠰᠡᠳᠦᠪᠲᠦ ᠱᠠᠯᠦ᠋ᠨ ᠶᠠᠪᠤᠭᠳᠠᠵᠤ ᠪᠠᠶᠢᠯ᠎ᠠ᠃ | ᠰᠢ ᠶᠢᠨ ᠫᠢᠩ ᠪᠠᠶᠠᠷ ᠲᠠᠢ ᠪᠠᠷ ᠲᠤᠰ ᠱᠠᠯᠦ᠋ᠨ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠰᠢᠨ᠎ᠡ ᠶᠢ | ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ | ᠥᠪᠡᠷ ᠤᠨ ᠪᠠᠶᠢᠭ᠎ᠠ ᠪᠦᠯᠭᠦᠮ ᠤᠨ ᠢᠶᠠᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠰᠤᠳᠤᠯᠭᠠᠨ | ᠥᠷᠨᠢᠭᠦᠯᠵᠦ ᠪᠠᠶᠢᠬᠤ ᠪᠠ ᠠᠵᠤ ᠦᠢᠯᠡᠰ ᠤᠨ ᠬᠡᠷᠡᠭᠯᠡᠯᠲᠡ ᠶᠢᠨ ᠲᠤᠬᠠᠢ ᠣᠯᠣᠯᠲᠠ ᠲᠥᠷᠥᠭᠳᠡᠯ ᠢᠶᠠᠨ ᠬᠠᠷᠢᠭᠤ | ᠮᠡᠳᠡᠭᠦᠯᠪᠡ᠃ ᠰᠢ ᠶᠢᠨ ᠫᠢᠩ ᠤᠯᠠᠨ ᠳᠤ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠪᠠᠷ ᠮᠠᠨᠳᠤᠵᠤ ᠪᠠᠶᠢᠭ᠎ᠠ | ᠦᠢᠯᠡᠰ ᠮᠥᠨ᠂ ᠮᠥᠨ ᠴᠤ ᠵᠠᠯᠠᠭᠤᠴᠤᠳ ᠤᠨ ᠦᠢᠯᠡᠰ ᠮᠥᠨ᠃ ᠪᠢᠳᠡ ᠶᠠᠭ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ | ᠪᠠᠶᠢᠨ᠎ᠠ᠂ ᠶᠠᠭ ᠰᠠᠶᠢᠬᠠᠨ ᠵᠠᠯᠠᠭᠤ ᠨᠢᠭᠡ ᠦᠶ᠎ᠡ ᠶᠢᠨ ᠬᠢᠨ ᠤ ᠡᠷᠳᠡᠮ ᠴᠢᠳᠠᠪᠤᠷᠢ ᠪᠠᠨ ᠢᠯᠡᠷᠡᠭᠦᠯᠵᠦ᠂ ᠠᠪᠢᠶᠠᠰ | ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠰᠠᠶᠢᠨ ᠴᠠᠭ ᠦᠶ᠎ᠡ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠵᠠᠯᠠᠭᠤᠴᠤᠳ ᠲᠤ ᠬᠦᠰᠡᠯ ᠡᠷᠡᠮᠡᠯᠵᠡᠯ ᠢᠶᠠᠨ ᠲᠠᠯᠪᠢᠵᠤ ᠪᠠᠶᠢᠨ᠎ᠠ᠃ | ᠤᠯᠠᠨ ᠢᠶᠠᠷ ᠢᠶᠠᠨ ᠡᠬᠡ ᠣᠷᠣᠨᠴᠢ ᠰᠡᠳᠬᠢᠯᠭᠡ ᠶᠢ ᠡᠪᠦᠷᠯᠡᠵᠦ᠂ ᠤᠯᠤᠰ ᠲᠠᠭᠠᠨ ᠵᠢᠳᠬᠦᠬᠦ ᠵᠣᠷᠢᠭ ᠢ ᠡᠪᠦᠷᠯᠡᠨ᠂ | ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠨᠡᠮᠡᠭᠳᠡᠭᠦᠯᠵᠦ᠂ ᠬᠤᠪᠢ ᠬᠥᠮᠥᠨ ᠤ ᠲᠡᠮᠡᠴᠡᠯ ᠢᠶᠠᠨ ᠤᠯᠤᠰ ᠤᠨ | ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠳᠠᠮᠵᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ | ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠪᠡ᠃ | ᠳᠠᠷᠠᠭ᠎ᠠ ᠨᠢ᠂ ᠰᠢ ᠶᠢᠨ ᠫᠢᠩ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ | ᠳᠡᠯᠭᠡᠭᠦᠷ ᠲᠤ ᠣᠷᠣᠪᠠ᠃ ᠯᠠᠩᠭᠦᠢ ᠳᠡᠭᠡᠷ᠎ᠡ ᠲᠠᠯᠪᠢᠭᠠᠰᠤᠲᠠᠢ ᠣᠶᠤᠨᠴᠢ ᠨᠢᠳᠦᠨ ᠰᠢᠯ᠂ ᠣᠶᠤᠨᠴᠢ ᠬᠡᠦᠬᠡᠳ ᠤᠨ | ᠲᠣᠭᠯᠠᠭᠠᠮ᠂ ᠣᠶᠤᠨᠴᠢ ᠬᠥᠭᠵᠢᠮ ᠵᠡᠷᠭᠡ ᠰᠢᠨ᠎ᠡ ᠡᠭᠦᠳᠦᠯᠲᠡ ᠶᠢᠨ ᠦᠢᠯᠡᠳᠬᠦᠨ ᠨᠦᠭᠦᠳ ᠠᠩᠬᠠᠷᠤᠯ ᠢ ᠤᠨᠴᠠᠭᠠᠢ | ᠲᠠᠲᠠᠵᠤ ᠪᠠᠶᠢᠯ᠎ᠠ᠂ ᠰᠢ ᠶᠢᠨ ᠫᠢᠩ ᠦᠢᠯᠡᠳᠬᠦᠨ ᠤ ᠴᠢᠳᠠᠮᠵᠢ ᠪᠣᠯᠣᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ | ᠨᠠᠷᠢᠨ ᠣᠶᠢᠯᠠᠭᠠᠭᠰᠠᠨ ᠪᠥᠭᠡᠳ ᠪᠠᠰᠠ ᠤᠷᠮ᠎ᠠ ᠲᠠᠢ ᠪᠠᠷ ᠨᠢᠭᠡᠨ ᠣᠶᠤᠨᠴᠢ ᠨᠢᠳᠦᠨ ᠰᠢᠯ ᠢ ᠠᠪᠴᠤ ᠵᠡᠭᠦᠨ | ᠪᠡᠶᠡᠴᠢᠯᠡᠨ ᠣᠶᠢᠯᠠᠭᠠᠪᠠ᠃ ᠲᠡᠷᠡ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ | ᠦᠢᠯᠡᠰ ᠤᠨ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ᠂ ᠵᠣᠬᠢᠶᠠᠮᠠᠯ ᠤᠶᠤᠨ | ᠴᠢᠳᠠᠪᠤᠷᠢ ᠶᠢᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠲᠦᠷᠦ ᠶᠢᠨ ᠪᠣᠳᠣᠯᠭ᠎ᠠ ᠶᠢᠨ | ᠳᠡᠮᠵᠢᠯᠭᠡ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠡᠩ ᠤᠯᠠᠨ ᠠᠮᠤᠷ ᠲᠦᠪᠰᠢᠨ | ᠨᠠᠶᠢᠳᠠᠪᠤᠷᠢᠲᠠᠢ ᠴᠢᠨᠠᠷ ᠰᠠᠶᠢᠲᠠᠢ ᠦᠢᠯᠡᠳᠬᠦᠨ ᠢ ᠴᠢᠷᠮᠠᠶᠢᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃ | ᠠᠶᠠᠷᠯᠠᠬᠤ ᠦᠶ᠎ᠡ ᠳᠤ᠂ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠪᠣᠯᠣᠨ ᠠᠵᠤ ᠠᠬᠤᠶᠢᠯᠠᠯ ᠤᠨ ᠠᠵᠢᠯᠲᠠᠳ ᠥᠨᠳᠥᠷ ᠲᠠᠭᠤᠨ ᠢᠶᠠᠷ | ᠶᠡᠷᠦᠩᠬᠡᠢ ᠱᠦᠵᠢ ᠶᠢᠨ ᠠᠮᠤᠷ ᠢ ᠠᠰᠠᠭᠤᠵᠤ᠂ ᠶᠡᠷᠦᠩᠬᠡᠢ ᠱᠦᠵᠢ ᠶᠢᠨ ᠳᠠᠭᠢᠭᠠᠳ ᠢᠷᠡᠬᠦ ᠶᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠯᠠᠨ ᠤ ᠵᠦᠭ ᠪᠠᠶᠢᠨ ᠲᠠᠭᠢᠨ ᠭᠠᠷ ᠳᠠᠯᠠᠯᠤᠨ ᠮᠡᠨᠳᠦᠴᠢᠯᠡᠵᠦ᠂ | ᠤᠯᠠᠨ ᠤ ︽5 · 1︾ ᠤ ᠬᠥᠳᠡᠯᠮᠦᠷᠢᠴᠢᠳ ᠤᠨ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠥᠩᠭᠡᠷᠡᠭᠦᠯᠬᠦ ᠶᠢ | ᠵᠥᠩᠨᠡᠵᠦ᠂ ᠤᠯᠠᠨ ᠢ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠬᠤᠪᠢ ᠨᠡᠮᠡᠷᠢ | ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ | ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |