ᠴᠢᠩ ᠱᠦᠢ ᠾᠧ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠨ ᠲᠠᠷᠢᠶᠠᠯᠠᠬᠤ ᠪᠠᠷ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2025/4/9
  ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ ᠰᠡᠷᠭᠦᠨ ᠠᠮᠢᠯᠠᠨ᠎ᠠ᠃ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠴᠢᠩ ᠱᠦᠢ ᠡᡁᠸ ᠰᠢᠶᠠᠨ ᠤ ᠬᠢᠨ ᠲᠠᠷᠢᠶᠠᠯᠠᠩ ᠤᠨ ᠴᠠᠭ ᠢ ᠵᠠᠪᠳᠤᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠶᠢ ᠨᠢᠭᠡᠳᠦᠯᠲᠡᠢ ᠲᠥᠯᠥᠪᠵᠢᠭᠦᠯᠬᠦ ᠶᠢ ᠲᠦᠷᠭᠡᠳᠬᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠡᠮᠬᠢ ᠵᠢᠷᠤᠮ ᠲᠠᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠣᠯᠬᠤ ᠳᠤ ᠰᠠᠭᠤᠷᠢ ᠶᠢ ᠪᠠᠲᠤᠳᠬᠠᠵᠤ ᠪᠠᠶᠢᠨ᠎ᠠ᠃  ᠥᠨᠥ ᠪᠣᠯᠬᠤ ᠳᠤ᠂ ᠪᠥᠬᠦ ᠰᠢᠶᠠᠨ ᠤ ᠭᠤᠣᠯ ᠪᠣᠯᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠶᠢᠨ ᠬᠡᠮᠵᠢᠶ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠡᠰᠡᠭ ᠲᠥᠷᠥᠯ ᠤᠨ ᠨᠥᠭᠡᠴᠡ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠪᠠᠶᠢᠨ᠎ᠠ᠃ ᠡᠭᠦᠨ ᠳᠤ ᠬᠢᠮᠢ ᠶᠢᠨ ᠪᠣᠷᠳᠣᠭᠤᠷ ᠤᠨ ᠨᠥᠭᠡᠴᠡ ᠶᠢᠨ ᠬᠡᠮᠵᠢᠶ᠎ᠡ ᠪᠠᠷᠤᠭ 6150 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 65% ᠶᠢ ᠡᠵᠡᠯᠡᠨ᠎ᠡ᠃ ᠲᠠᠷᠢᠶᠠᠨ ᠡᠮ ᠤᠨ ᠨᠥᠭᠡᠴᠡ ᠶᠢᠨ ᠬᠡᠮᠵᠢᠶ᠎ᠡ 1.75 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 70% ᠶᠢ ᠡᠵᠡᠯᠡᠨ᠎ᠡ᠃ ᠰᠦᠯᠢᠶᠥᠦ ᠪᠦᠷᠬᠦᠪᠴᠢ ᠶᠢᠨ ᠨᠥᠭᠡᠴᠡ ᠶᠢᠨ ᠬᠡᠮᠵᠢᠶ᠎ᠡ 290 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 75% ᠶᠢ ᠡᠵᠡᠯᠡᠨ᠎ᠡ᠃ ᠲᠥᠮᠥᠰᠥᠨ ᠤ ᠨᠥᠭᠡᠴᠡ ᠶᠢᠨ ᠬᠡᠮᠵᠢᠶ᠎ᠡ 4500 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 80% ᠶᠢ ᠡᠵᠡᠯᠡᠨ᠎ᠡ᠃ ᠡᠷᠳᠡᠨᠢ ᠰᠢᠰᠢ ᠶᠢᠨ ᠦᠷ᠎ᠡ ᠶᠢᠨ ᠨᠥᠭᠡᠴᠡ ᠶᠢᠨ ᠬᠡᠮᠵᠢᠶ᠎ᠡ 195 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡᠨ ᠤ 60% ᠶᠢ ᠡᠵᠡᠯᠡᠨ᠎ᠡ᠃ ᠰᠢᠷ᠎ᠠ ᠪᠤᠷᠴᠠᠭ ᠤᠨ ᠦᠷ᠎ᠡ ᠶᠢᠨ ᠨᠥᠭᠡᠴᠡ ᠶᠢᠨ ᠬᠡᠮᠵᠢᠶ᠎ᠡ 360 ᠲᠣᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠨᠢᠭᠡᠨᠲᠡ 100% ᠪᠠᠷ ᠬᠠᠩᠭᠠᠭᠰᠠᠨ ᠪᠠᠶᠢᠨ᠎ᠠ᠃   ᠬᠠᠪᠤᠷ ᠡᠷᠲᠡ ᠬᠥᠮᠥᠨ ᠬᠢᠴᠢᠶᠡᠪᠡᠯ᠂ ᠨᠠᠮᠤᠷ ᠴᠠᠭ ᠲᠤ ᠬᠥᠮᠥᠨ ᠵᠣᠷᠢᠭᠰᠢᠨ᠎ᠠ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠡᠾᠧ ᠰᠢᠶᠠᠨ ᠤ ᠬᠢᠨ ︽ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ᠂ ᠮᠡᠷᠭᠡᠵᠢᠯ ᠤᠨ ᠦᠢᠯᠡᠴᠢᠯᠡᠭᠡ ᠪᠣᠯᠣᠨ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠶᠢᠨ ᠬᠠᠮᠲᠤ ᠬᠠᠪᠤᠷ ᠤᠨ ᠲᠠᠷᠢᠶᠠᠯᠠᠭ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠠᠩᠬᠠᠨ ᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠵᠢᠭᠤᠯᠤᠨ ᠨᠡᠮᠡᠭᠳᠡᠭᠦᠯᠬᠦ ᠪᠠ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠡ ᠶᠢ ᠪᠠᠲᠤᠯᠠᠬᠤ ᠪᠠᠷ ᠪᠤᠢ᠃    
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1