︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ | ᠦᠢᠯᠡᠰ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠨᠢ᠂ ᠣᠶᠢᠷ᠎ᠠ ᠶᠢᠨ | ᠡᠳᠦᠷ᠂ ᠲᠤᠰ ᠺᠣᠮᠫᠠᠨᠢ DeepSeek ᠬᠢᠮᠡᠯ ᠣᠶᠤᠨ ᠮᠡᠷᠭᠡᠵᠢᠯ ᠢ ᠬᠥᠬᠡᠬᠤᠲᠠ ᠶᠢᠨ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠳᠤ | ᠠᠮᠵᠢᠯᠲᠠᠲᠠᠢ ᠵᠠᠯᠭᠠᠵᠤ᠂ 12345 ᠬᠠᠯᠠᠮᠰᠢᠯ ᠤᠲᠠᠰᠤᠨ ᠤ ᠣᠶᠤᠨᠴᠢᠯᠠᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠡᠢ᠃ | ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠪᠦᠯᠦᠭᠯᠡᠯ ᠨᠢ ᠬᠥᠬᠡ ᠬᠤᠲᠠ ᠶᠢᠨ ᠬᠡᠷᠡᠯ ᠣᠶᠤᠨᠴᠢ | ᠪᠣᠳᠣᠯᠭ᠎ᠠ ᠶᠢᠨ ᠡᠬᠢ ᠪᠠᠶᠠᠯᠢᠭ ᠲᠤ ᠲᠦᠰᠢᠭᠯᠡᠨ᠂ ᠬᠥᠬᠡᠬᠤᠲᠠ ᠶᠢᠨ 12345 ᠬᠠᠯᠠᠮᠰᠢᠯ ᠤᠲᠠᠰᠤᠨ ᠤ ᠰᠦᠯᠵᠢᠶ᠎ᠡ | ᠵᠢᠴᠢ ᠰᠢᠰᠲ᠋ᠧᠮ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠪᠠᠶᠢᠭᠤᠯᠤᠭᠰᠠᠨ ᠠᠵᠢᠯ ᠤᠨ | ᠡᠭᠦᠷᠭᠡ ᠶᠢᠨ ᠣᠶᠤᠨᠴᠢ ᠰᠢᠢᠳᠪᠦᠷᠢᠯᠡᠬᠦ ᠰᠢᠰᠲ᠋ᠧᠮ ᠨᠢ ᠬᠦᠰᠡᠯ ᠱᠠᠭᠠᠷᠳᠠᠯᠭ᠎ᠠ᠂ ᠣᠶᠤᠨᠴᠢ ᠳ᠋ᠦᠩᠨᠡᠯᠲᠡ᠂ ᠣᠶᠤᠨᠴᠢ | ᠠᠵᠢᠯ ᠲᠥᠷᠥᠯ ᠢᠶᠠᠷ ᠬᠤᠪᠢᠶᠠᠷᠢᠯᠠᠬᠤ ᠠᠴᠠ ᠳᠠᠬᠢᠨ ᠠᠵᠢᠯ ᠤᠨ ᠡᠭᠦᠷᠭᠡ ᠶᠢ ᠨᠠᠷᠢᠯᠢᠭ ᠣᠨᠣᠴᠠᠲᠠᠢ ᠪᠠᠷ ᠪᠠᠭᠤᠯᠭᠠᠬᠤ | ᠪᠥᠬᠦ ᠶᠠᠪᠤᠴᠠ ᠶᠢᠨ ᠣᠶᠤᠨᠴᠢᠯᠠᠯᠲᠠ ᠶᠢ ᠠᠮᠵᠢᠯᠲᠠ ᠲᠠᠢ ᠪᠡᠶᠡᠯᠡᠭᠦᠯᠪᠡ᠃ ᠳᠡᠰ ᠳᠡᠪᠰᠢᠭᠰᠡᠨ ᠤ ᠳᠠᠷᠠᠭᠠᠬᠢ ᠣᠶᠤᠨᠴᠢ | ᠮᠡᠳᠡᠯᠭᠡ ᠶᠢᠨ ᠬᠥᠮᠥᠷᠭᠡ ᠪᠠ ᠣᠶᠤᠨᠲᠤ ᠰᠠᠭᠤᠳᠠᠯ ᠤᠨ ᠰᠢᠰᠲ᠋ᠧᠮᠵᠢ ᠨᠢ ᠬᠤᠶᠢᠰᠢᠷᠠᠯ ᠢ ᠪᠦᠲᠦᠮᠵᠢᠲᠡᠶ | ᠪᠠᠭᠤᠷᠠᠭᠤᠯᠵᠤ᠂ ᠲᠤᠭ᠎ᠠ ᠪᠠᠷᠢᠮᠲᠠ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠦᠨ᠂ ᠬᠢᠮᠡᠯ ᠤᠶᠤᠨ ᠤ | ᠵᠦᠢᠴᠢᠯᠡᠯ ᠤᠨ ᠮᠡᠷᠭᠡᠵᠢᠯ ᠤᠨ ᠭᠦᠨᠵᠡᠭᠡᠢ ᠬᠡᠷᠡᠭᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠣᠨ᠎ᠠ᠃ | ᠬᠥᠬᠡᠬᠤᠲᠠ ᠶᠢᠨ 12345 ᠬᠠᠯᠠᠮᠰᠢᠯ ᠤᠲᠠᠰᠤᠨ ᠤ ᠬᠢᠨ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ 9 | ᠬᠤᠰᠢᠭᠤ ᠰᠢᠶᠠᠨ ᠲᠣᠭᠤᠷᠢᠭ ᠵᠡᠷᠭᠡ 12 ᠭᠤᠣᠯᠳᠠᠯᠭ᠎ᠠ ᠲᠠᠢ ᠰᠠᠯᠠᠭ᠎ᠠ ᠮᠥᠴᠢᠷ ᠵᠢᠴᠢ ᠭᠠᠵᠠᠷ ᠣᠷᠣᠨ ᠳᠤ ︽3 | ᠮᠢᠨᠦ᠋ᠲ ᠲᠤ ᠣᠶᠤᠨᠴᠢ ᠬᠥᠮᠥᠷᠭᠡ ᠳᠤ ᠣᠷᠣᠭᠤᠯᠬᠤ︾ ᠲᠣᠭᠲᠠᠴᠠ ᠶᠢ ᠲᠤᠷᠰᠢᠨ ᠬᠡᠷᠡᠭᠵᠢᠭᠦᠯᠦᠨ᠎ᠡ᠃ ᠠᠵᠢᠯᠲᠠᠳ | ᠵᠥᠪᠬᠡᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ 3 ᠮᠢᠨᠦ᠋ᠲ ᠤᠨ ᠳᠣᠲᠣᠷ᠎ᠠ ᠲᠥᠷᠥ ᠶᠢᠨ ᠪᠣᠳᠣᠯᠭ᠎ᠠ ᠶᠢ | ᠵᠠᠳᠠᠯᠵᠤ ᠬᠢᠨᠠᠨ ᠬᠠᠷᠭᠤᠭᠤᠯᠵᠤ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠵᠦ᠂ ᠥᠨᠳᠥᠷ ᠳᠠᠪᠲᠠᠮᠵᠢᠲᠤ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠣᠨᠣᠪᠴᠢ ᠶᠢᠨ ᠬᠡᠮᠵᠢᠶ᠎ᠡ 90 % ᠶᠢ ᠳᠠᠪᠠᠵᠠᠢ᠃ | |