ᠬᠤᠷᠳᠤᠨ ᠠᠪᠤᠭᠠᠷᠠᠢ! ᠬᠥᠬᠡᠬᠤᠲᠠ ᠶᠢᠨ ᠬᠢᠨ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠠᠪᠬᠤ ᠪᠠᠷ ᠭᠤᠶᠤᠴᠢᠯᠠᠵᠤ ᠪᠣᠯᠣᠨ᠎ᠠ
ᠨᠡᠶᠢᠲᠡᠯᠡᠭᠰᠡᠨ ᠴᠠᠭ᠄
2025/5/12
ᠬᠤᠳᠠ ᠶᠢᠨ ᠠᠷᠠᠳ ᠤᠳ ᠡ᠄  ︽ᠬᠥᠮᠥᠨ ᠠᠮᠠ ᠶᠢᠨ ᠲᠦᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇2025﹈ 7 ᠳ᠋ᠤᠭᠠᠷ ᠲᠣᠭᠠᠲᠤ︶᠂ ︽︿ᠬᠥᠮᠥᠨ ᠠᠮᠠ ᠶᠢᠨ ᠲᠦᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠳᠠᠬᠢ ᠠᠩᠬᠠᠨ ᠤ ᠢᠵᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠪᠠ ᠠᠩᠬᠠᠨ ᠤ ᠢᠵᠢ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠶᠢᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠵᠤ ᠨᠠᠶᠢᠳᠠᠪᠤᠷᠢᠵᠢᠭᠤᠯᠬᠤ ᠲᠤᠬᠠᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠬᠠᠮᠲᠤᠷᠠᠨ ᠲᠠᠷᠬᠠᠭᠠᠭᠰᠠᠨ ﹇2025﹈ 6 ᠳ᠋ᠤᠭᠠᠷ ᠲᠣᠭᠠᠲᠤ︶᠂ ︽ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿ᠬᠥᠮᠥᠨ ᠠᠮᠠ ᠶᠢᠨ ᠲᠦᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠳᠠᠬᠢ ᠠᠩᠬᠠᠨ ᠤ ᠢᠵᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠪᠠ ᠠᠩᠬᠠᠨ ᠤ ᠢᠵᠢ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠶᠢᠨ ᠬᠡᠷᠡᠭᠵᠢᠭᠦᠯᠬᠦ ᠨᠠᠷᠢᠨ ᠳᠦᠷᠢᠮ ᠤᠨ ᠲᠠᠶᠢᠯᠪᠤᠷᠢᠯᠠᠯᠲᠠ ᠵᠢᠴᠢ ᠨᠥᠬᠦᠪᠦᠷᠢ ᠮᠡᠳᠡᠭᠳᠡᠯ︾ ︵ᠬᠥᠬᠡᠬᠤᠲᠠ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠬᠠᠮᠲᠤᠷᠠᠨ ᠲᠠᠷᠬᠠᠭᠠᠭᠰᠠᠨ ﹇2025﹈ 9 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠶᠣᠰᠤᠭᠠᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠮᠦᠨᠡᠬᠢ ᠬᠤᠭᠤᠴᠠᠭᠠᠨ ᠳᠤ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠲᠤ ᠳᠠᠩᠰᠠᠯᠠᠭᠤᠯᠵᠤ ᠥᠩᠭᠡᠷᠡᠭᠰᠡᠨ 3 ᠳ᠋ᠤᠭᠠᠷ ᠰᠠᠷ᠎ᠠ ᠳᠤ ᠭᠠᠷ ᠳᠠᠮᠵᠢᠭᠰᠠᠨ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ᠦᠭᠡᠢ ᠪᠠᠷ ᠨᠢᠭᠡᠨᠲᠡ ᠡᠷᠦᠬᠡ ᠰᠢᠯᠵᠢᠭᠦᠯᠦᠭᠰᠡᠨ ᠬᠤᠲᠠ ᠶᠢᠨ ᠠᠷᠠᠳ ᠲᠤ ᠤᠲᠠᠰᠤ ᠪᠠᠷ ᠨᠥᠬᠦᠪᠦᠷᠢ ᠭᠤᠶᠤᠴᠢᠯᠠᠬᠤ ᠠᠪᠬᠤ ᠤᠴᠢᠷ ᠶᠠᠪᠤᠳᠠᠯ ᠢ ᠭᠦᠢᠴᠡᠳᠬᠡᠬᠦ ᠶᠢ ᠮᠡᠳᠡᠭᠳᠡᠭᠰᠡᠨ ᠪᠣᠯᠪᠠᠴᠤ ᠬᠡᠰᠡᠭ ᠬᠤᠲᠠ ᠶᠢᠨ ᠠᠷᠠᠳ ᠤᠨ ᠤᠲᠠᠰᠤ ᠶᠢ ᠣᠯᠠᠨ ᠤᠳᠠᠭ᠎ᠠ ᠤᠲᠠᠰᠤᠳᠠᠭᠠᠳ ᠮᠥᠨ ᠬᠦ ᠬᠤᠯᠪᠤᠭ᠎ᠠ ᠠᠪᠴᠤ ᠳᠡᠶᠢᠯᠦᠭᠡ ᠦᠭᠡᠢ ᠲᠤᠯᠠ᠂ ᠥᠷᠭᠡᠨ ᠣᠯᠠᠨ ᠬᠤᠲᠠ ᠶᠢᠨ ᠠᠷᠠᠳ ᠲᠤ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠬᠦᠷᠲᠡᠭᠡᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠳᠣᠣᠷᠠᠬᠢ ᠮᠡᠲᠦ ᠲᠥᠪ ᠴᠢᠩᠭ᠎ᠠ ᠪᠠᠷ ᠰᠠᠨᠠᠭᠤᠯᠤᠶ᠎ᠠ᠄  ᠨᠢᠭᠡ᠂ ᠬᠤᠳᠠᠯᠳᠤᠨ ᠠᠪᠤᠭᠰᠠᠨ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠨᠢ ᠡᠷᠬᠡᠪᠰᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠪᠠ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠶᠢᠨ ᠭᠤᠶᠤᠴᠢᠯᠠᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠨᠢ ᠬᠡᠲᠦᠷᠡᠪᠡᠯ ᠥᠪᠡᠰᠦᠪᠡᠨ ᠲᠠᠶᠠᠭᠳᠠᠭᠰᠠᠨ ᠢᠶᠠᠷ ᠦᠵᠡᠵᠦ᠂ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠨᠥᠬᠦᠪᠦᠷᠢ ᠠᠪᠬᠤ ᠪᠠᠷ ᠲᠥᠯᠥᠪᠯᠡᠵᠦ ᠪᠠᠶᠢᠭ᠎ᠠ ᠬᠤᠲᠠ ᠶᠢᠨ ᠠᠷᠠᠳ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠴᠠᠭ ᠢ ᠠᠩᠬᠠᠷᠴᠤ᠂ ᠡᠷᠬᠡᠪᠰᠢ ᠴᠠᠭ ᠲᠤᠬᠠᠢ ᠳᠤᠨᠢ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠴᠦ ᠨᠥᠬᠦᠪᠦᠷᠢ ᠠᠪᠬᠤ ᠪᠠᠷ ᠭᠤᠶᠤᠴᠢᠯᠠᠬᠤ ᠬᠡᠷᠡᠭᠲᠡᠢ᠃  2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 31 ᠤ ᠡᠳᠦᠷ ︵ᠪᠠᠭᠲᠠᠨ᠎ᠠ︶ ᠤᠨ ᠬᠤᠭᠤᠴᠠᠭᠠᠨ ᠳᠤ ᠠᠩᠬᠠᠨ ᠤ ᠢᠵᠢ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠢ ᠬᠤᠳᠠᠯᠳᠤᠨ ᠠᠪᠤᠭᠠᠳ ᠨᠢᠭᠡᠨᠲᠡ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ ᠭᠡᠷ ᠪᠠᠶᠢᠰᠢᠩ ᠤᠨ ᠡᠷᠦᠬᠡ ᠰᠢᠯᠵᠢᠭᠦᠯᠬᠦ ᠶᠢ ᠪᠡᠶᠡᠯᠡᠭᠦᠯᠦᠭᠰᠡᠨ ᠪᠣᠯᠪᠠᠴᠤ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠲᠤ ᠨᠥᠬᠡᠴᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ᠦᠭᠡᠢ ᠬᠤᠲᠠ ᠶᠢᠨ ᠠᠷᠠᠳ ᠡᠷᠬᠡᠪᠰᠢ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠤᠨ 316 ᠠᠯᠪᠠᠨ ᠭᠡᠷ ᠲᠤ ᠬᠦᠷᠴᠦ ᠨᠥᠬᠦᠪᠦᠷᠢ ᠭᠤᠶᠤᠴᠢᠯᠠᠨ ᠠᠪᠬᠤ ᠭᠠᠷ ᠭᠦᠢᠴᠡᠳᠬᠡᠯ ᠬᠢᠬᠦ ᠬᠡᠷᠡᠭᠲᠡᠢ᠂ ᠪᠡᠯᠡᠳᠬᠦ ᠮᠠᠲ᠋ᠧᠷᠢᠶᠠᠯ ᠨᠢ ᠳᠣᠣᠷᠠᠬᠢ ᠮᠡᠲᠦ᠄ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠭᠠᠷᠭᠠᠭᠰᠠᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠭᠡᠷᠡᠴᠢ ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠲᠤᠬᠠᠢ ᠶᠢᠨ ᠡᠳᠦᠷ ᠭᠠᠷᠭᠠᠭᠰᠠᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠭᠡᠷᠡᠴᠢ᠂ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠤᠨ ᠲᠤᠬᠠᠢ ᠶᠢᠨ ᠡᠳᠦᠷ ᠭᠠᠷᠭᠠᠭᠰᠠᠨ ᠨᠦᠬᠡᠴᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠡᠩᠰᠡᠯᠡᠵᠦ ᠪᠠᠶᠢᠴᠠᠭᠠᠨ ᠯᠠᠪᠯᠠᠭᠰᠠᠨ ᠭᠡᠷᠡᠴᠢ᠂ ᠥᠯᠥ ᠬᠥᠳᠡᠯᠬᠦ ᠬᠥᠷᠥᠩᠭᠡ ᠶᠢᠨ ᠦᠮᠴᠢᠯᠡᠬᠦ ᠡᠷᠬᠡ ᠶᠢᠨ ᠦᠨᠡᠮᠯᠡᠯ᠂ ᠥᠪᠥᠷ ᠮᠣᠩᠭᠤᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠪᠠ ᠭᠠᠶᠢᠯᠢ ᠲᠠᠲᠠᠪᠤᠷᠢᠯᠠᠭᠰᠠᠨ ᠭᠡᠷᠡᠴᠢ᠂ ᠪᠡᠶ᠎ᠡ ᠶᠢᠨ ᠦᠨᠡᠮᠯᠡᠯ᠂ ᠭᠡᠷ ᠬᠤᠳᠠᠯᠳᠤᠨ ᠠᠪᠤᠭᠴᠢ ᠶᠢᠨ Ⅰ ᠲᠥᠷᠥᠯ ᠤᠨ ᠪᠠᠩᠬᠢ ᠶᠢᠨ ᠺᠠᠷᠲ ᠵᠡᠷᠭᠡ ᠮᠠᠲ᠋ᠧᠷᠢᠶᠠᠯ ᠳᠤ ᠴᠥᠮ ᠡᠬᠡ ᠮᠠᠲ᠋ᠧᠷᠢᠶᠠᠯ ᠪᠠ ᠪᠠᠭᠤᠯᠭᠠᠪᠤᠷᠢ ᠶᠢ ᠪᠡᠯᠡᠳᠦᠭᠰᠡᠨ ᠪᠠᠶᠢᠬᠤ ᠬᠡᠷᠡᠭᠲᠡᠢ᠃  ᠬᠤᠶᠠᠷ᠂ 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠭᠡᠷ ᠪᠠᠶᠢᠰᠢᠩ ᠬᠤᠳᠠᠯᠳᠤᠨ ᠠᠪᠤᠭᠴᠢ ᠡᠷᠬᠡᠪᠰᠢ ᠨᠦᠬᠡᠴᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ᠤ ᠳᠠᠷᠠᠭ᠎ᠠ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠬᠢᠯᠭᠡᠪᠡᠯ ᠰᠠᠶ᠋ᠢ ᠬᠤᠲᠠ ᠶᠢᠨ ᠭᠡᠷ ᠪᠠᠶᠢᠰᠢᠩ ᠤᠨ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠴᠦ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ᠃ ᠵᠠᠭᠤᠴᠢᠯᠠᠬᠤ ᠪᠠᠶᠢᠭᠤᠯᠤᠮᠵᠢ ᠠᠴᠠ ᠠᠷᠠᠯᠵᠢᠶᠠᠯᠠᠭᠰᠠᠨ ᠣᠷᠣᠨ ᠰᠠᠭᠤᠴᠠ ᠶᠢ ᠭᠡᠷ᠎ᠡ ᠲᠣᠭᠲᠠᠭᠰᠠᠨ ᠳᠡᠯᠭᠡᠭᠦᠷ ᠲᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠶᠢ ᠪᠡᠶᠡᠯᠡᠭᠦᠯᠵᠦ ᠪᠣᠯᠣᠨ᠎ᠠ᠃  ᠭᠤᠷᠪᠠ᠂ ᠤᠯᠠᠨ ᠬᠥᠮᠥᠨ ᠤ ᠬᠠᠮᠲᠤ ᠪᠠᠷ ᠬᠤᠳᠠᠯᠳᠤᠨ ᠠᠪᠤᠭᠰᠠᠨ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠤᠨ ᠳᠣᠲᠣᠷᠠᠬᠢ ᠨᠢᠭᠡ ᠬᠥᠮᠥᠨ ᠤ ᠨᠡᠷ᠎ᠡ ᠪᠠᠷ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ᠃  ᠳᠥᠷᠪᠡ᠂ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠠᠳᠠᠯᠢ ᠨᠢᠭᠡᠨ ᠭᠡᠷ ᠪᠠᠶᠢᠰᠢᠩ ᠬᠤᠳᠠᠯᠳᠤᠨ ᠠᠪᠤᠭᠴᠢ ᠣᠯᠠᠨ ᠢᠵᠢ ᠣᠷᠣᠨ ᠰᠠᠭᠤᠴᠠ ᠬᠤᠳᠠᠯᠳᠤᠨ ᠠᠪᠬᠤ ᠳᠤ᠂ ᠵᠥᠪᠬᠡᠨ ᠰᠦᠯᠵᠢᠶᠡᠨ ᠳᠡᠭᠡᠷ᠎ᠡ ᠭᠠᠷ ᠦᠰᠦᠭ ᠵᠢᠷᠤᠵᠤ ᠳᠠᠩᠰᠠᠯᠠᠭᠤᠯᠤᠭᠰᠠᠨ ᠴᠠᠭ ᠢᠶᠠᠷ ᠬᠠᠮᠤᠭ ᠤᠨ ᠡᠷᠲᠡ ᠨᠢᠭᠡ ᠢᠵᠢ ᠣᠷᠣᠨ ᠰᠠᠭᠤᠴᠠ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ ᠬᠢᠵᠠᠭᠠᠷᠯᠠᠨ᠎ᠠ᠃  ᠲᠠᠪᠤ᠂ ᠥᠷᠭᠡᠨ ᠣᠯᠠᠨ ᠬᠤᠲᠠ ᠶᠢᠨ ᠠᠷᠠᠳ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠪᠢᠴᠢᠭ ᠮᠠᠲ᠋ᠧᠷᠢᠶᠠᠯ ᠤᠨ ᠪᠣᠳᠠᠲᠠᠢ ᠱᠠᠭᠠᠷᠳᠠᠯᠭ᠎ᠠ ᠶᠢ ᠪᠠᠶᠢᠴᠠᠭᠠᠨ ᠯᠠᠪᠯᠠᠬᠤ ᠪᠤᠶᠤ 0471-6325024 ᠳᠤ ᠤᠲᠠᠰᠤᠳᠠᠵᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠢᠵᠦ᠂ 0471-6201500 ᠳᠤ ᠤᠲᠠᠰᠤᠳᠠᠵᠤ ᠭᠦᠢᠴᠡᠳᠭᠡᠬᠦ ᠴᠤᠪᠤᠷᠠᠯ ᠢ ᠠᠰᠠᠭᠤᠨ ᠯᠠᠪᠯᠠᠵᠤ ᠪᠣᠯᠣᠨ᠎ᠠ᠃    ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                  2025 ᠣᠨ ᠤ 5 ᠳ᠋ᠤᠭᠠᠷ ᠰᠠᠷ᠎ᠠ ᠶᠢᠨ 8 ᠤ ᠡᠳᠦᠷ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1