ᠬᠤᠳᠠ ᠶᠢᠨ ᠠᠷᠠᠳ ᠤᠳ ᠡ᠄ | ︽ᠬᠥᠮᠥᠨ ᠠᠮᠠ ᠶᠢᠨ ᠲᠦᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠥᠬᠡᠬᠤᠲᠠ | ᠵᠠᠰᠠᠭ ᠲᠠᠷᠬᠠᠭᠠᠭᠰᠠᠨ ﹇2025﹈ 7 ᠳ᠋ᠤᠭᠠᠷ ᠲᠣᠭᠠᠲᠤ︶᠂ ︽︿ᠬᠥᠮᠥᠨ ᠠᠮᠠ ᠶᠢᠨ ᠲᠦᠪᠯᠡᠷᠡᠯ ᠢ ᠠᠬᠢᠭᠤᠯᠵᠤ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠳᠠᠬᠢ ᠠᠩᠬᠠᠨ ᠤ ᠢᠵᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ | ᠣᠷᠣᠨ ᠰᠠᠭᠤᠴᠠ ᠪᠠ ᠠᠩᠬᠠᠨ ᠤ ᠢᠵᠢ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠬᠤᠳᠠᠯᠳᠤᠨ | ᠠᠪᠬᠤ ᠳᠤ ᠨᠥᠬᠦᠪᠦᠷᠢ ᠣᠯᠭᠤᠬᠤ ᠶᠢᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠵᠤ | ᠨᠠᠶᠢᠳᠠᠪᠤᠷᠢᠵᠢᠭᠤᠯᠬᠤ ᠲᠤᠬᠠᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ | ᠬᠥᠬᠡᠬᠤᠲᠠ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠬᠠᠮᠲᠤᠷᠠᠨ ᠲᠠᠷᠬᠠᠭᠠᠭᠰᠠᠨ ﹇2025﹈ 6 ᠳ᠋ᠤᠭᠠᠷ | ᠲᠣᠭᠠᠲᠤ︶᠂ ︽ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿ᠬᠥᠮᠥᠨ ᠠᠮᠠ ᠶᠢᠨ ᠲᠦᠪᠯᠡᠷᠡᠯ ᠢ | ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ﹀ ᠳᠠᠬᠢ ᠠᠩᠬᠠᠨ ᠤ ᠢᠵᠢ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠣᠷᠣᠨ ᠰᠠᠭᠤᠴᠠ ᠪᠠ ᠠᠩᠬᠠᠨ ᠤ ᠢᠵᠢ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ | ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠶᠢᠨ ᠬᠡᠷᠡᠭᠵᠢᠭᠦᠯᠬᠦ ᠨᠠᠷᠢᠨ ᠳᠦᠷᠢᠮ ᠤᠨ ᠲᠠᠶᠢᠯᠪᠤᠷᠢᠯᠠᠯᠲᠠ ᠵᠢᠴᠢ | ᠨᠥᠬᠦᠪᠦᠷᠢ ᠮᠡᠳᠡᠭᠳᠡᠯ︾ ︵ᠬᠥᠬᠡᠬᠤᠲᠠ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠬᠠᠮᠲᠤᠷᠠᠨ ᠲᠠᠷᠬᠠᠭᠠᠭᠰᠠᠨ | ﹇2025﹈ 9 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠶᠣᠰᠤᠭᠠᠷ᠂ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠮᠦᠨᠡᠬᠢ | ᠬᠤᠭᠤᠴᠠᠭᠠᠨ ᠳᠤ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠲᠤ ᠳᠠᠩᠰᠠᠯᠠᠭᠤᠯᠵᠤ ᠥᠩᠭᠡᠷᠡᠭᠰᠡᠨ 3 | ᠳ᠋ᠤᠭᠠᠷ ᠰᠠᠷ᠎ᠠ ᠳᠤ ᠭᠠᠷ ᠳᠠᠮᠵᠢᠭᠰᠠᠨ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠳᠠᠩᠰᠠᠯᠠᠭᠤᠯᠤᠭᠰᠠᠨ ᠦᠭᠡᠢ ᠪᠠᠷ ᠨᠢᠭᠡᠨᠲᠡ ᠡᠷᠦᠬᠡ ᠰᠢᠯᠵᠢᠭᠦᠯᠦᠭᠰᠡᠨ ᠬᠤᠲᠠ ᠶᠢᠨ ᠠᠷᠠᠳ ᠲᠤ ᠤᠲᠠᠰᠤ ᠪᠠᠷ | ᠨᠥᠬᠦᠪᠦᠷᠢ ᠭᠤᠶᠤᠴᠢᠯᠠᠬᠤ ᠠᠪᠬᠤ ᠤᠴᠢᠷ ᠶᠠᠪᠤᠳᠠᠯ ᠢ ᠭᠦᠢᠴᠡᠳᠬᠡᠬᠦ ᠶᠢ ᠮᠡᠳᠡᠭᠳᠡᠭᠰᠡᠨ ᠪᠣᠯᠪᠠᠴᠤ ᠬᠡᠰᠡᠭ | ᠬᠤᠲᠠ ᠶᠢᠨ ᠠᠷᠠᠳ ᠤᠨ ᠤᠲᠠᠰᠤ ᠶᠢ ᠣᠯᠠᠨ ᠤᠳᠠᠭ᠎ᠠ ᠤᠲᠠᠰᠤᠳᠠᠭᠠᠳ ᠮᠥᠨ ᠬᠦ ᠬᠤᠯᠪᠤᠭ᠎ᠠ ᠠᠪᠴᠤ ᠳᠡᠶᠢᠯᠦᠭᠡ | ᠦᠭᠡᠢ ᠲᠤᠯᠠ᠂ ᠥᠷᠭᠡᠨ ᠣᠯᠠᠨ ᠬᠤᠲᠠ ᠶᠢᠨ ᠠᠷᠠᠳ ᠲᠤ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠦᠨᠡᠨ ᠬᠦ ᠬᠦᠷᠲᠡᠭᠡᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠳᠣᠣᠷᠠᠬᠢ ᠮᠡᠲᠦ | ᠲᠥᠪ ᠴᠢᠩᠭ᠎ᠠ ᠪᠠᠷ ᠰᠠᠨᠠᠭᠤᠯᠤᠶ᠎ᠠ᠄ | ᠨᠢᠭᠡ᠂ ᠬᠤᠳᠠᠯᠳᠤᠨ ᠠᠪᠤᠭᠰᠠᠨ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠨᠢ ᠡᠷᠬᠡᠪᠰᠢ | ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠥᠯᠥ | ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠪᠠ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠶᠢᠨ | ᠭᠤᠶᠤᠴᠢᠯᠠᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠨᠢ ᠬᠡᠲᠦᠷᠡᠪᠡᠯ ᠥᠪᠡᠰᠦᠪᠡᠨ ᠲᠠᠶᠠᠭᠳᠠᠭᠰᠠᠨ ᠢᠶᠠᠷ ᠦᠵᠡᠵᠦ᠂ | ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠨᠥᠬᠦᠪᠦᠷᠢ ᠠᠪᠬᠤ ᠪᠠᠷ ᠲᠥᠯᠥᠪᠯᠡᠵᠦ ᠪᠠᠶᠢᠭ᠎ᠠ | ᠬᠤᠲᠠ ᠶᠢᠨ ᠠᠷᠠᠳ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠴᠠᠭ ᠢ ᠠᠩᠬᠠᠷᠴᠤ᠂ ᠡᠷᠬᠡᠪᠰᠢ ᠴᠠᠭ | ᠲᠤᠬᠠᠢ ᠳᠤᠨᠢ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠴᠦ ᠨᠥᠬᠦᠪᠦᠷᠢ ᠠᠪᠬᠤ ᠪᠠᠷ | ᠭᠤᠶᠤᠴᠢᠯᠠᠬᠤ ᠬᠡᠷᠡᠭᠲᠡᠢ᠃ | 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 31 ᠤ ᠡᠳᠦᠷ ︵ | ᠪᠠᠭᠲᠠᠨ᠎ᠠ︶ ᠤᠨ ᠬᠤᠭᠤᠴᠠᠭᠠᠨ ᠳᠤ ᠠᠩᠬᠠᠨ ᠤ ᠢᠵᠢ ᠭᠠᠷ ᠳᠠᠮᠵᠢᠭᠰᠠᠨ ᠪᠠᠶᠢᠰᠢᠩ ︵ᠣᠷᠣᠨ ᠰᠠᠭᠤᠴᠠ︶ ᠢ | ᠬᠤᠳᠠᠯᠳᠤᠨ ᠠᠪᠤᠭᠠᠳ ᠨᠢᠭᠡᠨᠲᠡ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ | ᠭᠡᠷ ᠪᠠᠶᠢᠰᠢᠩ ᠤᠨ ᠡᠷᠦᠬᠡ ᠰᠢᠯᠵᠢᠭᠦᠯᠬᠦ ᠶᠢ ᠪᠡᠶᠡᠯᠡᠭᠦᠯᠦᠭᠰᠡᠨ ᠪᠣᠯᠪᠠᠴᠤ ᠬᠤᠲᠠ ᠶᠢᠨ ᠭᠡᠷ ᠬᠥᠷᠥᠩᠭᠡ ᠶᠢᠨ | ᠠᠷᠠᠯᠵᠢᠶᠠᠨ ᠤ ᠲᠥᠪ ᠲᠤ ᠨᠥᠬᠡᠴᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠳᠠᠩᠰᠠᠯᠠᠭᠤᠯᠤᠭᠰᠠᠨ ᠦᠭᠡᠢ ᠬᠤᠲᠠ ᠶᠢᠨ ᠠᠷᠠᠳ ᠡᠷᠬᠡᠪᠰᠢ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠤᠨ 316 ᠠᠯᠪᠠᠨ ᠭᠡᠷ ᠲᠤ ᠬᠦᠷᠴᠦ ᠨᠥᠬᠦᠪᠦᠷᠢ | ᠭᠤᠶᠤᠴᠢᠯᠠᠨ ᠠᠪᠬᠤ ᠭᠠᠷ ᠭᠦᠢᠴᠡᠳᠬᠡᠯ ᠬᠢᠬᠦ ᠬᠡᠷᠡᠭᠲᠡᠢ᠂ ᠪᠡᠯᠡᠳᠬᠦ ᠮᠠᠲ᠋ᠧᠷᠢᠶᠠᠯ ᠨᠢ ᠳᠣᠣᠷᠠᠬᠢ ᠮᠡᠲᠦ᠄ | ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠭᠠᠷᠭᠠᠭᠰᠠᠨ ᠭᠡᠷ ᠪᠠᠶᠢᠰᠢᠩ | ᠬᠤᠳᠠᠯᠳᠤᠭᠠᠯᠠᠬᠤ ᠭᠡᠷ᠎ᠡ ᠶᠢᠨ ᠭᠡᠷᠡᠴᠢ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠲᠥᠪ ᠤᠨ ᠲᠤᠬᠠᠢ ᠶᠢᠨ ᠡᠳᠦᠷ ᠭᠠᠷᠭᠠᠭᠰᠠᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠭᠰᠠᠨ ᠭᠡᠷᠡᠴᠢ᠂ ᠬᠤᠲᠠ ᠶᠢᠨ ᠭᠡᠷ ᠬᠥᠷᠥᠩᠭᠡ ᠶᠢᠨ ᠠᠷᠠᠯᠵᠢᠶᠠᠨ ᠤ ᠲᠥᠪ ᠤᠨ | ᠲᠤᠬᠠᠢ ᠶᠢᠨ ᠡᠳᠦᠷ ᠭᠠᠷᠭᠠᠭᠰᠠᠨ ᠨᠦᠬᠡᠴᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠳᠡᠩᠰᠡᠯᠡᠵᠦ ᠪᠠᠶᠢᠴᠠᠭᠠᠨ ᠯᠠᠪᠯᠠᠭᠰᠠᠨ ᠭᠡᠷᠡᠴᠢ᠂ ᠥᠯᠥ ᠬᠥᠳᠡᠯᠬᠦ ᠬᠥᠷᠥᠩᠭᠡ ᠶᠢᠨ ᠦᠮᠴᠢᠯᠡᠬᠦ ᠡᠷᠬᠡ ᠶᠢᠨ ᠦᠨᠡᠮᠯᠡᠯ᠂ | ᠥᠪᠥᠷ ᠮᠣᠩᠭᠤᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠪᠠ ᠭᠠᠶᠢᠯᠢ ᠲᠠᠲᠠᠪᠤᠷᠢᠯᠠᠭᠰᠠᠨ | ᠭᠡᠷᠡᠴᠢ᠂ ᠪᠡᠶ᠎ᠡ ᠶᠢᠨ ᠦᠨᠡᠮᠯᠡᠯ᠂ ᠭᠡᠷ ᠬᠤᠳᠠᠯᠳᠤᠨ ᠠᠪᠤᠭᠴᠢ ᠶᠢᠨ Ⅰ ᠲᠥᠷᠥᠯ ᠤᠨ ᠪᠠᠩᠬᠢ ᠶᠢᠨ ᠺᠠᠷᠲ ᠵᠡᠷᠭᠡ | ᠮᠠᠲ᠋ᠧᠷᠢᠶᠠᠯ ᠳᠤ ᠴᠥᠮ ᠡᠬᠡ ᠮᠠᠲ᠋ᠧᠷᠢᠶᠠᠯ ᠪᠠ ᠪᠠᠭᠤᠯᠭᠠᠪᠤᠷᠢ ᠶᠢ ᠪᠡᠯᠡᠳᠦᠭᠰᠡᠨ ᠪᠠᠶᠢᠬᠤ ᠬᠡᠷᠡᠭᠲᠡᠢ᠃ | ᠬᠤᠶᠠᠷ᠂ 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠭᠡᠷ ᠪᠠᠶᠢᠰᠢᠩ | ᠬᠤᠳᠠᠯᠳᠤᠨ ᠠᠪᠤᠭᠴᠢ ᠡᠷᠬᠡᠪᠰᠢ ᠨᠦᠬᠡᠴᠡ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠳᠠᠩᠰᠠᠯᠠᠭᠤᠯᠤᠭᠰᠠᠨ ᠤ ᠳᠠᠷᠠᠭ᠎ᠠ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠬᠢᠯᠭᠡᠪᠡᠯ ᠰᠠᠶ᠋ᠢ | ᠬᠤᠲᠠ ᠶᠢᠨ ᠭᠡᠷ ᠪᠠᠶᠢᠰᠢᠩ ᠤᠨ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠴᠦ ᠭᠡᠷ ᠪᠠᠶᠢᠰᠢᠩ ᠬᠤᠳᠠᠯᠳᠤᠨ | ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ᠃ ᠵᠠᠭᠤᠴᠢᠯᠠᠬᠤ ᠪᠠᠶᠢᠭᠤᠯᠤᠮᠵᠢ ᠠᠴᠠ ᠠᠷᠠᠯᠵᠢᠶᠠᠯᠠᠭᠰᠠᠨ ᠣᠷᠣᠨ | ᠰᠠᠭᠤᠴᠠ ᠶᠢ ᠭᠡᠷ᠎ᠡ ᠲᠣᠭᠲᠠᠭᠰᠠᠨ ᠳᠡᠯᠭᠡᠭᠦᠷ ᠲᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ | ᠳᠠᠩᠰᠠᠯᠠᠭᠤᠯᠬᠤ ᠶᠢ ᠪᠡᠶᠡᠯᠡᠭᠦᠯᠵᠦ ᠪᠣᠯᠣᠨ᠎ᠠ᠃ | ᠭᠤᠷᠪᠠ᠂ ᠤᠯᠠᠨ ᠬᠥᠮᠥᠨ ᠤ ᠬᠠᠮᠲᠤ ᠪᠠᠷ ᠬᠤᠳᠠᠯᠳᠤᠨ ᠠᠪᠤᠭᠰᠠᠨ ᠭᠠᠷ ᠳᠠᠮᠵᠢᠭᠰᠠᠨ ᠪᠠᠶᠢᠰᠢᠩ ︵ᠣᠷᠣᠨ | ᠰᠠᠭᠤᠴᠠ︶ ᠤᠨ ᠳᠣᠲᠣᠷᠠᠬᠢ ᠨᠢᠭᠡ ᠬᠥᠮᠥᠨ ᠤ ᠨᠡᠷ᠎ᠡ ᠪᠠᠷ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ | ᠭᠤᠶᠤᠴᠢᠯᠠᠵᠤ ᠪᠣᠯᠣᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠠᠳᠠᠯᠢ ᠨᠢᠭᠡᠨ ᠭᠡᠷ ᠪᠠᠶᠢᠰᠢᠩ ᠬᠤᠳᠠᠯᠳᠤᠨ | ᠠᠪᠤᠭᠴᠢ ᠣᠯᠠᠨ ᠢᠵᠢ ᠣᠷᠣᠨ ᠰᠠᠭᠤᠴᠠ ᠬᠤᠳᠠᠯᠳᠤᠨ ᠠᠪᠬᠤ ᠳᠤ᠂ ᠵᠥᠪᠬᠡᠨ ᠰᠦᠯᠵᠢᠶᠡᠨ ᠳᠡᠭᠡᠷ᠎ᠡ ᠭᠠᠷ | ᠦᠰᠦᠭ ᠵᠢᠷᠤᠵᠤ ᠳᠠᠩᠰᠠᠯᠠᠭᠤᠯᠤᠭᠰᠠᠨ ᠴᠠᠭ ᠢᠶᠠᠷ ᠬᠠᠮᠤᠭ ᠤᠨ ᠡᠷᠲᠡ ᠨᠢᠭᠡ ᠢᠵᠢ ᠣᠷᠣᠨ ᠰᠠᠭᠤᠴᠠ ᠳᠤ | ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ ᠬᠢᠵᠠᠭᠠᠷᠯᠠᠨ᠎ᠠ᠃ | ᠲᠠᠪᠤ᠂ ᠥᠷᠭᠡᠨ ᠣᠯᠠᠨ ᠬᠤᠲᠠ ᠶᠢᠨ ᠠᠷᠠᠳ ᠬᠥᠬᠡᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ᠂ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠢᠶᠠᠷ ᠪᠢᠴᠢᠭ ᠮᠠᠲ᠋ᠧᠷᠢᠶᠠᠯ ᠤᠨ ᠪᠣᠳᠠᠲᠠᠢ ᠱᠠᠭᠠᠷᠳᠠᠯᠭ᠎ᠠ ᠶᠢ ᠪᠠᠶᠢᠴᠠᠭᠠᠨ ᠯᠠᠪᠯᠠᠬᠤ ᠪᠤᠶᠤ | 0471-6325024 ᠳᠤ ᠤᠲᠠᠰᠤᠳᠠᠵᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠢᠵᠦ᠂ | 0471-6201500 ᠳᠤ ᠤᠲᠠᠰᠤᠳᠠᠵᠤ ᠭᠦᠢᠴᠡᠳᠭᠡᠬᠦ ᠴᠤᠪᠤᠷᠠᠯ ᠢ ᠠᠰᠠᠭᠤᠨ ᠯᠠᠪᠯᠠᠵᠤ ᠪᠣᠯᠣᠨ᠎ᠠ᠃ | | ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | 2025 ᠣᠨ ᠤ 5 ᠳ᠋ᠤᠭᠠᠷ ᠰᠠᠷ᠎ᠠ ᠶᠢᠨ 8 ᠤ ᠡᠳᠦᠷ | | |