ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠳᠣᠯᠣᠳᠤᠭᠠᠷ ᠪᠥᠬᠦ | ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠃ ᠰᠢᠶᠠᠨ ᠤ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠵᠢᠯᠤᠭᠤᠳᠬᠤ ᠭᠠᠵᠠᠷ ᠤᠯᠠᠨ ᠰᠠᠯᠠᠭ᠎ᠠ ᠮᠥᠴᠢᠷ ᠲᠠᠢ | ᠬᠠᠮᠲᠤᠷᠠᠨ ︽5.12 ᠪᠦᠬᠦ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠡᠳᠦᠷ︾ ᠭᠡᠬᠦ ᠭᠤᠣᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠷᠬᠢᠯᠡᠪᠡ᠃ ᠠᠵᠢᠯᠯᠠᠭ᠎ᠠ ᠪᠠᠷ ᠳᠠᠮᠵᠢᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠶᠡᠷᠦ ᠶᠢᠨ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠪᠦᠬᠦ ᠠᠷᠠᠳ ᠢᠶᠠᠷ ᠢᠶᠠᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠠᠷ ᠵᠣᠷᠢᠵᠠᠢ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠫᠷᠣᠭ᠍ᠷᠠᠮ ᠤᠨ ᠤᠬᠠᠭᠤᠯᠤᠨ ᠲᠠᠶᠢᠯᠪᠤᠷᠢᠯᠠᠬᠤ ᠦᠵᠡᠭᠦᠯᠭᠡ ᠶᠢᠨ ᠲᠣᠭᠯᠠᠯᠲᠠ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠮᠡᠳᠡᠯᠭᠡ ᠶᠢ ᠬᠠᠷᠢᠯᠴᠠᠨ ᠠᠬᠢᠭᠤᠯᠬᠤ ᠪᠠ ᠲᠦᠭᠡᠮᠡᠯᠵᠢᠭᠦᠯᠬᠦ᠂ ᠪᠠᠴᠢᠮ | ᠪᠠᠶᠢᠳᠠᠯ ᠢ ᠠᠷᠭᠠᠴᠠᠭᠠᠬᠤ ᠲᠦᠷᠭᠡᠨ ᠠᠪᠤᠷᠠᠬᠤ ᠰᠣᠷᠢᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ | ᠠᠷᠠᠳ ᠤᠯᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠡᠢ᠃ | | | | | | ᠲᠠᠷᠠᠭᠠᠴᠢ ᠶᠢᠨ ᠠᠯᠬᠤᠮ ᠳᠤ᠂ ᠪᠥᠬᠦ ᠰᠢᠶᠠᠨ ᠢᠶᠠᠷ ᠢᠶᠠᠨ ︽ᠬᠥᠮᠥᠨ ᠪᠣᠯᠭᠠᠨ ᠠᠮᠤᠷ ᠲᠦᠪᠰᠢᠨ ᠢ | ᠡᠷᠬᠢᠮᠯᠡᠵᠦ᠂ ᠬᠥᠮᠥᠨ ᠪᠣᠯᠭᠠᠨ ᠪᠠᠴᠢᠮ ᠪᠠᠶᠢᠳᠠᠯ ᠢ ᠠᠷᠭᠠᠴᠠᠭᠠᠵᠤ ᠳᠡᠶᠢᠯᠬᠦ ︱ ᠳᠡᠷᠭᠡᠳᠡᠬᠢ ᠭᠠᠢ ᠭᠠᠮᠰᠢᠭ ᠤᠨ | ᠳᠠᠯᠳᠠ ᠬᠡᠮ ᠢ ᠵᠢᠭᠰᠠᠭᠠᠨ ᠪᠠᠶᠢᠴᠠᠭᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢᠨ ᠬᠠᠮᠲᠤ ᠦᠶᠡᠷ ᠤᠨ ᠬᠤᠭᠤᠴᠠᠭᠠᠨ ᠤ | ᠭᠠᠵᠠᠷ ᠤᠨ ᠭᠠᠢ ᠭᠠᠮᠰᠢᠭ ᠢ ᠰᠡᠷᠭᠡᠶᠢᠯᠡᠬᠦ ᠠᠵᠢᠯ ᠵᠢᠴᠢ ᠭᠠᠵᠠᠷ ᠤᠨ ᠭᠠᠢ ᠭᠠᠮᠰᠢᠭ ᠢ ᠶᠡᠷᠦᠩᠬᠡᠶᠢᠯᠡᠨ ᠵᠠᠰᠠᠬᠤ | ᠠᠵᠢᠯ ᠢ ᠰᠠᠶᠢᠲᠤᠷ ᠬᠢᠵᠦ᠂ ᠶᠡᠷᠦᠩᠬᠡᠶᠢᠯᠡᠨ ᠵᠠᠰᠠᠬᠤ ᠪᠠ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠨ᠎ᠠ᠃ | | | | | | | | | |