ᠣᠶᠢᠷ᠎ᠠ ᠳᠤ᠂ ᠴᠢᠩ ᠱᠦᠢ ᠾᠧ ᠰᠢᠶᠠᠨ ᠤ ᠪᠧᠢ ᠪᠦᠦ ᠰᠢᠶᠠᠩ ᠤᠨ ᠨᠠᠮ ᠤᠨ ᠬᠤᠷᠢᠶ᠎ᠠ ᠲᠥᠪ ᠤᠨ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ | ᠬᠢᠨᠠᠮᠠᠭᠠᠢ ᠥᠷᠨᠢᠭᠦᠯᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ | ᠢ ᠲᠤᠶᠢᠯᠪᠤᠷᠢᠲᠠᠢ ᠵᠠᠰᠠᠨ ᠴᠡᠭᠴᠡᠯᠡᠵᠦ᠂ ᠠᠷᠠᠳ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠲᠡᠷᠢᠭᠦᠨ ᠤ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠬᠦᠴᠦᠯᠡᠨ ᠳᠠᠪᠲᠠᠨ ᠪᠣᠯᠪᠠᠰᠤᠷᠠᠭᠤᠯᠤᠨ᠎ᠠ᠃ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠭᠦᠨᠵᠡᠭᠡᠢ ᠣᠶᠢᠯᠠᠭᠠᠬᠤ ᠶᠢ ᠨᠢᠭᠡᠳᠦᠭᠡᠷ ᠡᠭᠦᠷᠭᠡ ᠪᠣᠯᠭᠠᠨ᠎ᠠ | ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠦᠨᠡᠨ ᠰᠤᠷᠤᠯᠴᠠᠨ ᠭᠦᠨᠵᠡᠭᠡᠢ | ᠰᠤᠷᠤᠯᠴᠠᠬᠤ ᠳᠤ ᠬᠦᠴᠦ ᠲᠠᠯᠪᠢᠨ᠎ᠠ᠃ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠧᠢ ᠪᠦᠦ ᠰᠢᠶᠠᠩ ᠤᠨ ᠤᠳᠠᠭ᠎ᠠ | ᠪᠦᠷᠢ ᠶᠢᠨ ᠨᠠᠮ ᠤᠨ ᠬᠤᠷᠢᠶ᠎ᠠ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠷᠠᠯ ᠠᠴᠠ ︽ᠬᠥᠳᠡᠭᠡ | ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ | ᠭᠦᠢᠴᠡᠳᠬᠡᠬᠦ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ | ᠱᠠᠭᠠᠷᠳᠠᠬᠤ ᠪᠠᠷᠢᠮᠵᠢᠶ᠎ᠠ︾ ᠵᠡᠷᠭᠡ ᠠᠭᠤᠯᠭ᠎ᠠ ᠪᠠᠷ ᠭᠤᠣᠯᠳᠠᠯᠭ᠎ᠠ ᠪᠠᠨ ᠪᠣᠯᠭᠠᠵᠤ᠂ ᠦᠭᠡ ᠦᠰᠦᠭ ᠳᠠᠷᠠᠭᠠᠯᠠᠨ | ᠰᠤᠷᠤᠯᠴᠠᠬᠤ ᠶᠢᠨ ᠬᠠᠮᠲᠤ ᠵᠠᠳᠠᠯᠤᠯᠲᠠ ᠬᠢᠵᠦ᠂ ᠰᠤᠷᠤᠯᠴᠠᠯᠭ᠎ᠠ ᠶᠢᠨ ᠠᠭᠤᠯᠭ᠎ᠠ ᠶᠢ ᠠᠵᠢᠯ ᠤᠨ ᠪᠣᠳᠠᠲᠤ | ᠪᠠᠶᠢᠳᠠᠯ ᠲᠠᠢ ᠣᠶᠢᠷᠠᠲᠤᠭᠤᠯᠵᠤ᠂ ᠲᠦᠷᠦ ᠶᠢᠨ ᠪᠣᠳᠣᠯᠭ᠎ᠠ ᠶᠢᠨ ᠤᠨᠤᠯ ᠢᠶᠠᠷ ᠺᠠᠳ᠋ᠷᠴᠤᠳ ᠤᠨ ᠲᠠᠷᠢᠬᠢ | ᠲᠣᠯᠣᠭᠠᠢ ᠳᠤ ᠬᠠᠳᠠᠩᠰᠢᠭᠤᠯᠬᠤ ᠶᠢ ᠦᠨᠡᠨ ᠬᠦ ᠪᠠᠲᠤᠯᠠᠵᠠᠢ᠃ ᠤᠬᠠᠵᠤ ᠮᠡᠳᠡᠬᠦ ᠶᠢᠨ ᠭᠤᠣᠯ ᠴᠢᠮᠦᠭᠡ ᠶᠢ | ᠠᠳᠬᠤᠵᠤ᠂ ᠲᠠᠨᠢᠯᠲᠠ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠨ᠎ᠠ᠃ ᠪᠧᠢ ᠪᠦᠦ ᠰᠢᠶᠠᠩ ᠤᠨ ᠬᠢᠨ ᠨᠠᠮ ᠤᠨ | ᠬᠤᠷᠢᠶᠠᠨ ᠤ ᠱᠦᠵᠢ ᠲᠣᠭᠲᠠᠭᠰᠠᠨ ᠴᠠᠭ ᠲᠤ ᠬᠢᠴᠢᠶᠡᠯ ᠣᠷᠣᠬᠤ᠂ ᠨᠠᠮ ᠤᠨ ᠰᠤᠷᠭᠠᠭᠤᠯᠢ ᠶᠢᠨ ᠯᠧᠺᠲ᠋ᠣᠷ ᠲᠤᠰᠬᠠᠢ | ᠰᠡᠳᠦᠪ ᠢᠶᠠᠷ ᠬᠢᠴᠢᠶᠡᠯ ᠣᠷᠣᠬᠤ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠬᠤᠪᠢᠶᠠᠯᠴᠠᠨ ᠬᠢᠴᠢᠶᠡᠯ ᠶᠠᠷᠢᠬᠤ ᠵᠡᠷᠭᠡ | ᠤᠯᠠᠨ ᠵᠦᠢᠯ ᠤᠨ ᠬᠡᠯᠪᠡᠷᠢ ᠪᠠᠷ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠠᠷ ᠭᠠᠷᠳᠠᠴᠠ | ᠪᠣᠯᠭᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠠᠨᠳᠤᠰᠢ ᠲᠠᠢ ᠬᠤᠯᠪᠣᠭᠳᠠᠨ᠎ᠠ᠂ ᠬᠡᠷᠪᠡ ᠮᠠᠭᠤ | ᠰᠤᠷᠲᠠᠯ ᠢ ᠡᠷᠡᠰ ᠵᠠᠯᠠᠷᠠᠭᠤᠯᠬᠤ ᠦᠭᠡᠢ᠂ ᠳᠤᠷ᠎ᠠ ᠪᠠᠷ ᠨᠢ ᠬᠥᠭᠵᠢᠭᠦᠯᠬᠦ ᠳᠤ ᠬᠦᠷᠪᠡᠯ᠂ ᠨᠠᠮ ᠪᠣᠯᠣᠨ ᠠᠷᠠᠳ | ᠲᠦᠮᠡᠨ ᠢ ᠰᠠᠯᠭᠠᠵᠤ᠂ ᠦᠨᠳᠦᠰᠦ ᠰᠠᠭᠤᠷᠢ᠂ ᠴᠢᠰᠤ ᠮᠢᠬ᠎ᠠ᠂ ᠬᠦᠴᠦᠨ ᠴᠢᠳᠠᠯ ᠢᠶᠠᠨ ᠠᠯᠳᠠᠬᠤ ᠳᠤ ᠬᠦᠷᠦᠨ᠎ᠡ ᠭᠡᠬᠦ | ᠶᠣᠰᠣ ᠤᠴᠢᠷ ᠢ ᠲᠠᠬᠢᠨ ᠳᠠᠪᠲᠠᠨ ᠲᠣᠳᠣᠷᠬᠠᠶᠢᠯᠠᠨ ᠥᠭᠦᠯᠡᠪᠡ᠃ ᠬᠢᠴᠢᠶᠡᠯ ᠶᠠᠷᠢᠬᠤ ᠠᠭᠤᠷ ᠠᠮᠢᠰᠬᠤᠯ ᠢ | ᠵᠤᠵᠠᠭᠠᠳᠬᠠᠵᠤ᠂ ᠠᠮᠢᠳᠤᠯᠢᠭ ᠢᠶᠠᠷ ᠲᠠᠶᠢᠯᠪᠤᠷᠢᠯᠠᠬᠤ ᠳᠡᠭᠡᠷ᠎ᠡ ᠬᠦᠴᠦ ᠲᠠᠯᠪᠢᠨ᠎ᠠ᠃ ᠪᠧᠢ ᠪᠦᠦ ᠰᠢᠶᠠᠩ ᠤᠨ ᠡᠯ᠎ᠡ | ᠵᠠᠰᠠᠭ ᠵᠠᠬᠢᠷᠭᠠᠨ ᠤ ᠲᠣᠰᠬᠤᠨ ᠳᠤ᠂ ᠨᠠᠮ ᠤᠨ ᠡᠭᠦᠷ ᠤᠨ ᠱᠦᠵᠢ ᠲᠤᠰᠬᠠᠢ ᠰᠡᠳᠦᠪᠲᠦ ᠬᠢᠴᠢᠶᠡᠯ ᠤᠨ ᠲᠠᠩᠬᠢᠮ | ᠨᠡᠭᠡᠭᠡᠬᠦ᠂ ᠨᠠᠮ ᠤᠨ ᠡᠭᠦᠷ ᠤᠨ ᠭᠡᠰᠢᠭᠦᠳ ᠲᠤᠬᠠᠢ ᠶᠢᠨ ᠲᠠᠯᠠᠪᠤᠷ ᠲᠤ ᠡᠭᠡᠯᠵᠢᠯᠡᠨ ᠦᠵᠡᠯ ᠰᠠᠨᠠᠭ᠎ᠠ ᠪᠠᠨ | ᠰᠣᠯᠢᠯᠴᠠᠬᠤ᠂ ᠠᠶᠢᠯ ᠲᠣᠰᠬᠤᠨ ᠤ ᠳᠠᠷᠤᠭ᠎ᠠ ᠲᠥᠷᠥᠭᠳᠡᠯ ᠢᠶᠠᠨ ᠢᠯᠡᠳᠬᠡᠬᠦ ᠵᠡᠷᠭᠡ ᠠᠷᠭ᠎ᠠ ᠬᠡᠯᠪᠡᠷᠢ ᠪᠠᠷ | ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠬᠥᠮᠥᠨ ᠬᠥᠮᠥᠨ ᠤ ᠪᠠᠶᠢᠳᠠᠯ ᠳᠤᠨᠢ ᠲᠣᠬᠢᠷᠠᠭᠤᠯᠤᠨ ᠳᠡᠷᠭᠡᠳᠡᠬᠢ | ᠬᠥᠮᠥᠰ᠂ ᠳᠡᠷᠭᠡᠳᠡᠬᠢ ᠶᠠᠪᠤᠳᠠᠯ ᠤᠨ ᠬᠤᠪᠢᠷᠠᠯᠲᠠ ᠪᠠᠷ ᠳᠠᠮᠵᠢᠨ ᠲᠥᠪ ᠤᠨ ᠨᠠᠢᠮᠠᠨ ᠵᠤᠷᠪᠤᠰ ᠲᠣᠭᠲᠠᠭᠠᠯ ᠨᠢ | ᠬᠡᠷᠬᠢᠨ ᠳᠤᠮᠳᠠᠳᠤ ᠤᠯᠤᠰ ᠢ ᠬᠤᠪᠢᠷᠠᠭᠤᠯᠵᠤ᠂ ᠬᠥᠮᠥᠨ ᠨᠢᠭᠡᠪᠦᠷᠢ ᠶᠢ ᠬᠤᠪᠢᠷᠠᠭᠤᠯᠬᠤ ᠶᠢ ᠭᠦᠨᠵᠡᠭᠡᠢ ᠪᠥᠭᠡᠳ | ᠣᠶᠢᠯᠠᠭᠠᠮᠵᠢᠲᠠᠢ ᠪᠠᠷ ᠲᠣᠳᠣᠷᠬᠠᠢ ᠶᠠᠷᠢᠵᠤ ᠥᠭᠴᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠦᠷᠢᠶᠡᠨ ᠤ ︽ᠳᠦᠷᠪᠡᠨ ᠰᠤᠷᠲᠠᠯ︾ | ᠤᠨ ᠠᠰᠠᠭᠤᠳᠠᠯ ᠢ ᠵᠠᠯᠠᠷᠠᠭᠤᠯᠤᠨ ᠠᠷᠢᠯᠭᠠᠬᠤ ᠶᠢ ᠨᠢᠭᠡᠳᠦᠭᠡᠷ ᠱᠠᠭᠠᠷᠳᠠᠯᠭ᠎ᠠ ᠪᠣᠯᠭᠠᠨ᠎ᠠ | ᠰᠢᠰᠲ᠋ᠧᠮᠵᠢᠭᠦᠯᠦᠨ ᠵᠠᠰᠠᠬᠤ ᠶᠠᠪᠤᠴᠠ ᠳᠤ ᠠᠰᠠᠭᠤᠳᠠᠯ ᠢ ᠡᠷᠢᠨ᠎ᠡ᠃ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ | ᠰᠢᠶᠠᠩ ᠤᠨ ᠨᠠᠮ ᠤᠨ ᠬᠤᠷᠢᠶ᠎ᠠ ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠰᠦᠯᠵᠢᠶᠡᠨ ᠳᠡᠭᠡᠷ᠎ᠡ | ᠠᠰᠠᠭᠤᠳᠠᠯ ᠤᠨ ᠰᠦᠪᠡᠭᠴᠢ ᠶᠢ ᠲᠤᠰᠬᠠᠬᠤ ᠠᠷᠭ᠎ᠠ ᠵᠠᠮ ᠢ ᠥᠷᠭᠡᠳᠬᠡᠬᠦ ᠪᠠ ︽ᠳᠡᠭᠡᠭᠰᠢ ᠰᠤᠷᠪᠤᠯᠵᠢᠯᠠᠯ ᠬᠢᠬᠦ ᠶᠢ | ᠳᠣᠷᠣᠭᠰᠢ ᠰᠤᠷᠪᠤᠯᠵᠢᠯᠠᠬᠤ ᠪᠣᠯᠭᠠᠨ ᠬᠤᠪᠢᠷᠠᠭᠤᠯᠬᠤ︾ ᠵᠡᠷᠭᠡ ᠠᠷᠭ᠎ᠠ ᠬᠡᠯᠪᠡᠷᠢ ᠪᠠᠷ ᠬᠤᠯᠪᠣᠭᠳᠠᠯ ᠪᠦᠬᠦᠢ | ᠠᠰᠠᠭᠤᠳᠠᠯ ᠢ ᠢᠳᠡᠪᠬᠢᠲᠡᠢ ᠴᠤᠭᠯᠠᠭᠤᠯᠤᠨ ᠰᠢᠢᠳᠪᠦᠷᠢᠯᠡᠵᠦ᠂ ᠬᠠᠷᠢᠶ᠎ᠠ ᠣᠷᠣᠨ ᠳᠤ ︽ᠲᠦᠷᠪᠡᠨ ᠰᠤᠷᠲᠠᠯ︾ ᠤᠨ | ᠠᠰᠠᠭᠤᠳᠠᠯ ᠳᠠᠯᠳᠠᠯᠠᠬᠤ ᠭᠠᠵᠠᠷ ᠦᠭᠡᠢ᠂ ᠨᠢᠭᠤᠭᠳᠠᠮᠠᠯ ᠣᠨᠳᠣᠣᠰᠢᠯ ᠤᠨ ᠲᠦᠭᠰᠢᠭᠦᠷᠢ ᠡᠭᠦᠰᠬᠦ ᠦᠭᠡᠢ ᠪᠠᠶᠢᠬᠤ ᠶᠢ | ᠦᠨᠡᠨ ᠬᠦ ᠪᠠᠲᠤᠯᠠᠨ᠎ᠠ᠃ ᠬᠢᠯᠪᠠᠷᠴᠢᠯᠠᠭᠰᠠᠨ ᠤᠬᠠᠭᠤᠯᠭ᠎ᠠ ᠶᠢᠨ ᠳᠤᠮᠳᠠ ᠤᠯᠠᠨ ᠲᠦᠮᠡᠨ ᠢ ᠳᠠᠶᠢᠴᠢᠯᠠᠨ᠎ᠠ᠃ | ᠰᠢᠶᠠᠩ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠳᠠᠭᠠᠭᠠᠴᠢᠯᠠᠭᠰᠠᠨ ᠭᠠᠴᠠᠭᠠᠨ ᠳᠠᠭᠠᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ | ᠠᠵᠢᠯ ᠲᠠᠢ ᠪᠠᠨ ᠤᠶᠠᠯᠳᠤᠭᠤᠯᠤᠨ ᠲᠤᠰ ᠬᠦᠷᠢᠶᠡᠨ ᠳᠠᠬᠢ ︽ᠲᠦᠷᠪᠡᠨ ᠰᠤᠷᠲᠠᠯ︾ ᠢ ᠵᠥᠷᠢᠴᠡᠭᠰᠡᠨ | ᠠᠰᠠᠭᠤᠳᠠᠯ ᠤᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠶᠠᠷᠢᠵᠤ᠂ ᠤᠯᠠᠨ ᠲᠦᠮᠡᠨ ᠤ ᠦᠵᠡᠵᠦ | ᠰᠣᠨᠣᠰᠬᠤ ᠳᠤᠷᠠᠲᠠᠢ ᠭᠡᠷ ᠤᠨ ᠵᠣᠭᠤᠭ ᠬᠡᠯᠡᠯᠭᠡ ᠪᠠᠷ ︽ᠲᠦᠷᠪᠡᠨ ᠰᠤᠷᠲᠠᠯ︾ ᠭᠡᠳᠡᠭ ᠨᠢ ᠴᠣᠬᠤᠮ ᠶᠠᠭᠤ ᠪᠣᠯᠬᠤ᠂ | ᠬᠡᠷᠬᠢᠨ ᠢᠯᠭᠠᠬᠤ᠂ ᠬᠡᠷᠬᠢᠨ ᠬᠢᠨᠠᠯᠲᠠ ᠲᠠᠯᠪᠢᠬᠤ ᠶᠢ ᠲᠣᠳᠣᠷᠬᠠᠶᠢᠯᠠᠵᠤ᠂ ᠤᠯᠠᠨ ᠲᠦᠮᠡᠨ ᠳᠤ ᠠᠰᠠᠭᠤᠳᠠᠯ ᠢ | ᠲᠣᠳᠣᠷᠬᠠᠢ ᠣᠶᠢᠯᠠᠭᠠᠭᠤᠯᠵᠤ᠂ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠵᠢᠭᠠᠵᠤ ᠭᠠᠷᠭᠠᠭᠤᠯᠤᠨ᠎ᠠ᠃ ᠨᠠᠷᠢᠯᠢᠭ | ᠣᠨᠣᠴᠠᠲᠠᠢ ᠪᠠᠷ ᠰᠤᠷᠪᠤᠯᠵᠢᠯᠠᠬᠤ ᠶᠠᠪᠤᠴᠠ ᠳᠤ ᠬᠡᠮ ᠰᠣᠭᠤᠭ ᠢ ᠨᠢ ᠲᠠᠶᠢᠯᠤᠨ᠎ᠠ᠃ ᠪᠧᠢ ᠪᠦᠦ ᠰᠢᠶᠠᠩ ᠤᠨ ᠬᠢᠨ | ᠥᠩᠭᠡᠷᠡᠭᠰᠡᠨ ᠵᠢᠯ ᠤᠳ ᠤᠨ ᠤᠯᠠᠨ ᠲᠦᠮᠡᠨ ᠤ ᠲᠤᠰᠬᠠᠯ ᠲᠥᠪᠯᠡᠷᠡᠵᠦ ᠪᠠᠶᠢᠭᠰᠠᠨ ᠪᠠᠴᠢᠮ ᠬᠦᠴᠢᠷ ᠵᠣᠪᠠᠭᠤᠷᠢ | ᠬᠦᠰᠡᠮᠵᠢᠯᠡᠭᠰᠡᠨ ᠠᠰᠠᠭᠤᠳᠠᠯ ᠢ ᠦᠨᠳᠦᠰᠦᠯᠡᠨ ︽ᠲᠤᠶᠢᠯᠪᠤᠷᠢᠲᠠᠢ ᠪᠠᠶᠢᠴᠠᠭᠠᠯᠲᠠ︾ ᠬᠢᠵᠦ᠂ ᠳᠡᠭᠡᠷᠡᠬᠢ | ᠠᠰᠠᠭᠤᠳᠠᠯ ᠳᠤ ᠬᠤᠯᠪᠣᠭᠳᠠᠭᠰᠠᠨ ᠤᠯᠠᠨ ᠲᠦᠮᠡᠨ ᠤ ᠭᠡᠷ ᠢᠶᠠᠷ ᠭᠦᠨᠵᠡᠭᠡᠢ ᠰᠤᠷᠪᠤᠯᠵᠢᠯᠠᠵᠤ᠂ ᠳᠡᠭᠡᠷ᠎ᠡ | ᠳᠤᠷᠠᠳᠤᠭᠰᠠᠨ ᠪᠠᠶᠢᠳᠠᠯ ᠨᠢ ︽ᠲᠦᠷᠪᠡᠨ ᠰᠤᠷᠲᠠᠯ︾ ᠤᠨ ᠠᠰᠠᠭᠤᠳᠠᠯ ᠠᠴᠠ ᠪᠣᠯᠤᠭᠰᠠᠨ ᠡᠰᠡᠬᠦ ᠶᠢ ᠵᠠᠳᠠᠯᠤᠨ | ᠰᠤᠳᠤᠯᠤᠨ ᠮᠠᠭᠠᠳᠯᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠵᠠᠳᠠᠯᠤᠨ ᠰᠢᠨᠵᠢᠯᠡᠵᠦ᠂ ᠲᠤᠰ ᠡᠳᠦᠷ ᠲᠤᠨᠢ | ᠰᠤᠳᠤᠯᠤᠨ ᠮᠠᠭᠠᠳᠯᠠᠵᠤ᠂ ᠲᠤᠰ ᠭᠠᠷᠠᠭ ᠲᠤ ᠰᠢᠢᠳᠪᠦᠷᠢᠯᠡᠵᠦ᠂ ᠠᠷᠠᠳ ᠤᠯᠠᠨ ᠤ ᠰᠡᠵᠢᠭᠯᠡᠯ ᠢ ᠰᠢᠢᠳᠪᠦᠷᠢᠯᠡᠬᠦ | ᠬᠥᠮᠥᠨ ᠲᠠᠢ᠂ ᠬᠦᠴᠢᠷᠳᠡᠯ ᠢ ᠬᠠᠪᠰᠤᠷᠬᠤ ᠬᠥᠮᠥᠨ ᠲᠠᠢ᠂ ᠠᠰᠠᠭᠤᠳᠠᠯ ᠢ ᠪᠠᠶᠢᠴᠠᠭᠠᠬᠤ ᠬᠥᠮᠥᠨ ᠲᠠᠢ ᠪᠠᠶᠢᠬᠤ ᠶᠢ | ᠦᠨᠡᠨ ᠬᠦ ᠪᠠᠲᠤᠯᠠᠵᠠᠢ᠃ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠶᠠᠪᠤᠴᠠ ᠳᠤ ᠠᠷᠠᠳ ᠲᠦᠮᠡᠨ ᠳᠤ | ᠦᠢᠯᠡᠴᠢᠯᠡᠬᠦ ᠵᠣᠷᠢᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠢᠭᠡᠳᠦᠭᠡᠷ ᠪᠠᠷᠢᠮᠵᠢᠶ᠎ᠠ ᠪᠣᠯᠭᠠᠨ᠎ᠠ | ᠲᠦᠷᠦ ᠶᠢᠨ ᠪᠣᠳᠣᠯᠭ᠎ᠠ ᠶᠢ ᠰᠠᠶᠢᠲᠤᠷ ᠣᠶᠢᠯᠠᠭᠠᠬᠤ ᠬᠥᠮᠥᠨ ᠪᠣᠯᠣᠨ᠎ᠠ᠃ ᠪᠧᠢ ᠪᠦᠦ ᠰᠢᠶᠠᠩ ᠤᠨ ᠡᠯ᠎ᠡ | ᠨᠠᠮ ᠤᠨ ᠳᠤᠭᠤᠶᠢᠯᠠᠩ ᠠᠳᠠᠯᠢ ᠪᠤᠰᠤ ᠨᠠᠰᠤᠨ ᠤ ᠪᠦᠲᠦᠴᠡ ᠶᠢ ᠵᠣᠬᠢᠰᠲᠠᠢ ᠲᠣᠬᠢᠷᠠᠭᠤᠯᠵᠤ᠂ ᠨᠠᠮ ᠤᠨ ᠭᠠᠳᠠᠨᠠᠬᠢ | ᠬᠥᠮᠥᠰ ᠲᠠᠢ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠬᠠᠮᠲᠤᠷᠠᠨ ᠰᠣᠯᠢᠯᠴᠠᠵᠤ ᠬᠤᠪᠢᠶᠠᠯᠴᠠᠬᠤ | ᠲᠣᠭᠲᠠᠴᠠ ᠶᠢ ᠪᠦᠷᠢᠯᠳᠦᠭᠦᠯᠵᠦ᠂ ᠪᠤᠢ ᠪᠦᠬᠦᠢ ᠺᠠᠳ᠋ᠷᠴᠤᠳ ᠲᠦᠷᠦ ᠶᠢᠨ ᠪᠣᠳᠣᠯᠭ᠎ᠠ ᠶᠢᠨ ᠲᠤᠷᠰᠢᠯᠭ᠎ᠠ ᠪᠠᠨ | ᠬᠠᠷᠢᠯᠴᠠᠨ ᠰᠣᠯᠢᠯᠴᠠᠵᠤ᠂ ᠠᠰᠠᠭᠤᠳᠠᠯ ᠢᠶᠠᠨ ᠬᠠᠷᠢᠯᠴᠠᠨ ᠨᠡᠪᠲᠡᠷᠡᠯᠴᠡᠵᠦ ᠠᠰᠠᠭᠤᠳᠠᠯ ᠢ ᠰᠢᠢᠳᠪᠦᠷᠢᠯᠡᠵᠦ᠂ | ᠠᠬᠠᠮᠠᠳ ᠨᠥᠬᠦᠳ ᠲᠤ ᠡᠯ᠎ᠡ ᠵᠦᠢᠯ ᠤᠨ ᠠᠰᠢᠭᠲᠠᠢ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ | ᠣᠶᠢᠯᠠᠭᠠᠭᠤᠯᠵᠤ᠂ ᠵᠠᠯᠠᠭᠤ ᠺᠠᠳ᠋ᠷᠴᠤᠳ ᠲᠤ ᠤᠯᠠᠨ ᠲᠦᠮᠡᠨ ᠳᠤ ᠦᠢᠯᠡᠴᠢᠯᠡᠬᠦ ᠲᠤᠷᠰᠢᠯᠭ᠎ᠠ ᠠᠷᠭ᠎ᠠ ᠶᠢ ᠲᠦᠷᠭᠡᠨ | ᠡᠵᠡᠮᠰᠢᠭᠦᠯᠦᠨ᠎ᠡ᠃ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠲᠠᠢ ᠬᠥᠮᠥᠨ ᠪᠣᠯᠣᠨ᠎ᠠ᠃ ᠪᠧᠢ ᠪᠦᠦ ᠰᠢᠶᠠᠩ ᠤᠨ | ᠬᠢᠨ ᠠᠶᠢᠯ ᠲᠣᠰᠬᠤᠨ ᠤ ᠳᠠᠷᠤᠭ᠎ᠠ ᠪᠠᠷ ︽ᠣᠶᠢᠯᠠᠭᠠᠭᠴᠢ︾ ᠪᠣᠯᠭᠠᠵᠤ᠂ ᠵᠠᠰᠠᠭ ᠵᠠᠬᠢᠷᠭᠠᠨ ᠤ ᠲᠣᠰᠬᠤᠨ ᠤ | ᠳᠠᠷᠤᠭ᠎ᠠ ᠪᠠᠷ ︽ᠡᠶᠡᠳᠡᠭᠦᠯᠦᠭᠴᠢ︾ ᠪᠣᠯᠭᠠᠵᠤ᠂ ᠰᠢᠶᠠᠩ ᠤᠨ ᠳᠠᠷᠤᠭ᠎ᠠ ᠪᠠᠷ ︽ᠨᠠᠮᠳᠠᠭᠤᠯᠤᠭᠴᠢ︾ ᠪᠣᠯᠭᠠᠬᠤ | ᠵᠠᠭᠪᠤᠷ ᠢ ᠡᠭᠦᠳᠴᠦ᠂ ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ᠂ ᠵᠥᠷᠢᠴᠡᠯ ᠮᠥᠷᠭᠦᠯᠳᠦᠭᠡᠨ ᠵᠡᠷᠭᠡ ᠠᠰᠠᠭᠤᠳᠠᠯ ᠢ | ᠦᠨᠳᠦᠰᠦᠨ ᠱᠠᠲᠤᠨ ᠳᠤ ᠰᠢᠢᠳᠪᠦᠷᠢᠯᠡᠵᠦ᠂ ᠰᠣᠶᠣᠭᠠᠯᠠᠯ ᠳᠤᠨᠢ ᠨᠠᠮᠳᠠᠭᠤᠯᠬᠤ ᠶᠢᠨ ᠬᠠᠮᠲᠤ ᠪᠤᠰᠤᠳ ᠭᠠᠵᠠᠷ | ᠣᠷᠣᠨ ᠤ ᠲᠡᠷᠢᠭᠦᠨ ᠤ ᠠᠷᠭ᠎ᠠ ᠬᠢᠳᠡᠯ ᠢ ᠰᠤᠷᠤᠯᠴᠠᠬᠤ ᠪᠠᠷ ᠲᠠᠮᠵᠢᠨ ᠡᠯ᠎ᠡ ᠱᠠᠲᠤᠨ ᠤ ᠲᠣᠭᠲᠠᠭᠤᠨ ᠢ ᠬᠠᠮᠠᠭᠠᠯᠠᠬᠤ | ᠬᠠᠷᠢᠭᠤᠴᠠᠯᠭᠠᠲᠠᠨ ᠢ ᠲᠠᠷᠢᠬᠢᠨ ᠳᠠᠭᠠᠨ ᠰᠡᠳᠭᠢᠮᠵᠢ ᠲᠠᠢ᠂ ᠰᠡᠳᠬᠢᠯ ᠳᠡᠭᠡᠨ ᠠᠷᠭ᠎ᠠ ᠪᠣᠳᠣᠯᠭ᠎ᠠ ᠲᠠᠢ᠂ ᠭᠠᠷ ᠲᠠᠭᠠᠨ | ᠪᠣᠳᠠᠲᠠᠢ ᠠᠷᠭ᠎ᠠ ᠲᠠᠢ ᠪᠣᠯᠭᠠᠨ᠎ᠠ᠃ ᠣᠯᠠᠨ ᠲᠦᠮᠡᠨ ᠤ ᠰᠡᠳᠬᠢᠯ ᠢ ᠮᠡᠳᠡᠭᠴᠢ ᠪᠣᠯᠣᠨ᠎ᠠ᠃ ᠬᠥᠳᠡᠭᠡ ᠲᠣᠰᠬᠤᠨ ᠤ | ᠬᠤᠶᠠᠷ ᠱᠠᠲᠤᠨ ᠤ ᠺᠠᠳ᠋ᠷᠴᠤᠳ ᠠᠯᠪᠠᠨ ᠵᠠᠷᠤᠴᠠ ᠶᠢᠨ ᠤᠬᠠᠮᠰᠠᠷ ᠢ ᠢᠮᠠᠭᠲᠠ ᠪᠠᠷᠢᠮᠲᠠᠯᠠᠵᠤ᠂ ᠠᠳᠠᠯᠢ ᠪᠤᠰᠤ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ᠂ ᠬᠥᠮᠥᠨ ᠪᠦᠷᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠰᠠᠷ᠎ᠠ ᠪᠦᠷᠢ ᠥᠪᠡᠷ ᠤᠨ ᠳᠠᠭᠠᠭᠠᠴᠢᠯᠠᠨ ᠬᠤᠯᠪᠣᠭᠠᠯᠠᠬᠤ ᠪᠤᠶᠤ ᠪᠠᠶᠢᠭ᠎ᠠ ᠬᠠᠷᠢᠶ᠎ᠠ ᠣᠷᠣᠨ ᠤ | ᠤᠯᠠᠨ ᠲᠦᠮᠡᠨ ᠳᠡᠭᠡᠨ ᠰᠠᠶᠢᠨ ᠶᠠᠪᠤᠳᠠᠯ ᠬᠢᠵᠦ᠂ ᠬᠦᠴᠢᠷᠳᠡᠯ ᠢ ᠨᠢ ᠰᠢᠢᠳᠪᠦᠷᠢᠯᠡᠨ᠂ ᠤᠯᠠᠨ ᠲᠦᠮᠡᠨ | ᠨᠢᠭᠡᠪᠦᠷᠢ ᠶᠢᠨ ᠠᠮᠤᠷ ᠵᠢᠮᠤᠷ ᠠᠵᠤ ᠲᠦᠷᠦᠭᠦ᠂ ᠵᠣᠯ ᠵᠢᠷᠭᠠᠯ ᠲᠠᠢ ᠠᠮᠢᠳᠤᠷᠠᠬᠤ ᠶᠢ ᠦᠨᠡᠨ ᠬᠦ ᠪᠠᠲᠤᠯᠠᠨ᠎ᠠ᠃ | |