ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ | ᠤᠢ ᠶᠢ ᠪᠡᠯᠡᠭᠯᠡᠨ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ 5 ᠳ᠋ᠤᠭᠠᠷ | ᠰᠠᠷ᠎ᠠ ᠶᠢᠨ 15 ᠤ ᠡᠳᠦᠷ᠂ ᠴᠢᠩ ᠱᠦᠢ ᠾᠧ ᠰᠢᠶᠠᠨ ᠤ ᠠᠵᠢᠯᠴᠢᠨ ᠤ ᠶᠡᠷᠦᠩᠬᠡᠢ ᠡᠪᠯᠡᠯ ︽ᠵᠠᠭᠤᠨ ᠵᠢᠯ ᠤᠨ | ᠠᠵᠢᠯᠴᠢᠨ ᠤ ᠬᠥᠳᠡᠯᠭᠡᠭᠡᠨ ᠨᠠᠮ ᠢᠶᠠᠨ ᠪᠤᠳᠤᠵᠤ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠡᠭᠦᠷᠢᠳᠡ | ᠤᠯᠠᠮᠵᠢᠯᠠᠬᠤ︾ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠲᠡᠷᠢᠭᠦᠨ ᠤ ᠦᠢᠯᠡ ᠠᠵᠢᠯᠯᠠᠭ᠎ᠠ ᠶᠢᠨ | ᠮᠡᠳᠡᠭᠦᠯᠦᠯᠲᠡ ᠶᠢᠨ ᠬᠤᠷᠠᠯ ᠥᠷᠨᠢᠭᠦᠯᠪᠡ᠃ ᠪᠦᠬᠦ ᠰᠢᠶᠠᠨ ᠤ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ᠂ | ᠲᠡᠷᠢᠭᠦᠨ ᠤ ᠠᠵᠢᠯᠲᠠᠨ᠂ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠲᠡᠭᠰᠡᠳ ᠵᠢᠴᠢ | ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠲᠤᠬᠠᠢ ᠶᠢᠨ | ᠲᠠᠯᠠᠪᠠᠢ ᠳᠤ ᠮᠡᠳᠡᠭᠦᠯᠦᠯᠲᠡ ᠶᠢ ᠰᠣᠨᠣᠰᠴᠤ᠂ ᠦᠯᠢᠭᠡᠷ ᠳᠠᠭᠤᠷᠢᠶᠠᠯ ᠤᠨ ᠬᠦᠴᠦᠨ ᠢ ᠣᠶᠢᠯᠠᠭᠠᠪᠠ᠃ | | | | | | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠥᠪᠡᠷᠲᠡᠭᠡᠨ ᠵᠠᠰᠠᠬᠤ | ᠣᠷᠣᠨ ᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠳ ᠲᠤ ᠰᠣᠷᠭᠤᠭ ᠴᠡᠴᠡᠭ ᠬᠦᠷᠭᠡᠵᠦ᠂ ᠲᠡᠳᠡᠨ ᠳᠤ | ᠬᠠᠯᠠᠭᠤᠨ ᠪᠠᠶᠠᠷ ᠬᠦᠷᠭᠡᠵᠦ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠲᠡᠳᠡᠨ ᠤ | ᠢᠷᠠᠭᠤ ᠠᠯᠳᠠᠷ ᠢᠶᠠᠨ ᠨᠠᠨᠳᠢᠩᠨᠠᠵᠤ᠂ ᠨᠡᠩ ᠢᠯᠡᠭᠦᠦ ᠴᠢᠷᠮᠠᠶᠢᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠲᠦᠮᠡᠨ ᠳᠤ ᠴᠢᠷᠮᠠᠶᠢᠨ | ᠲᠡᠮᠡᠴᠡᠬᠦ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠴᠢᠩ ᠱᠦᠢ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠳᠠᠷᠠᠭ᠎ᠠ ᠪᠠᠷ ᠨᠢ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠳ ᠪᠣᠷᠣᠭᠵᠢᠭᠤᠨ ᠦᠭᠡ ᠬᠡᠯᠡ ᠪᠣᠯᠣᠨ | ᠴᠢᠩ ᠦᠨᠡᠨᠴᠢ ᠰᠡᠳᠬᠢᠯᠭᠡ ᠪᠠᠷ ᠢᠶᠠᠨ ᠲᠤᠬᠠᠢ ᠶᠢᠨ ᠲᠠᠯᠠᠪᠤᠷ ᠤᠨ ᠦᠵᠡᠭᠴᠢᠳ ᠲᠠᠢ ᠥᠪᠡᠷ ᠥᠪᠡᠷ ᠤᠨ ᠡᠭᠡᠯ | ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠭᠰᠠᠨ ᠲᠡᠮᠡᠴᠡᠯ ᠤᠨ | ᠥᠩᠭᠡᠷᠡᠯᠲᠡ ᠪᠠᠨ ᠬᠤᠪᠢᠶᠠᠯᠴᠠᠵᠤ᠂ ︽ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ | ᠲᠡᠰᠪᠦᠷᠢ ᠬᠠᠲᠠᠭᠤᠵᠢᠯᠲᠠᠢ ᠲᠡᠮᠡᠴᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ | ︾ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠰᠢᠨ᠎ᠡ ᠴᠠᠭ | ᠦᠶ᠎ᠡ ᠶᠢᠨ ᠬᠥᠳᠡᠯᠮᠦᠷᠢᠴᠢᠳ ᠤᠨ ᠡᠷᠬᠢᠮ ᠳᠡᠭᠡᠳᠦ ᠵᠠᠩ ᠴᠢᠨᠠᠷ ᠪᠣᠯᠣᠨ ᠭᠠᠷᠮᠠᠭᠠᠢ ᠴᠤᠭ ᠵᠢᠪᠬᠤᠭ᠎ᠠ ᠶᠢ | ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠬᠠᠯᠠᠭᠤᠨ ᠠᠯᠠᠭ᠎ᠠ ᠲᠠᠰᠢᠯᠲᠠ ᠶᠢ ᠣᠯᠣᠭᠰᠠᠨ ᠪᠠᠶᠢᠨ᠎ᠠ᠃ | | | | | | ᠲᠣᠰ ᠤᠳᠠᠭᠠᠨ ᠤ ᠠᠵᠢᠯᠯᠠᠭ᠎ᠠ ᠨᠢ ᠬᠥᠳᠡᠯᠮᠦᠷᠢ ᠶᠢᠨ ᠵᠢᠱᠢᠶᠡᠴᠢ ᠲᠡᠷᠢᠭᠦᠨ ᠤ ᠬᠥᠮᠥᠰ ᠢ ᠤᠷᠢᠵᠤ ᠥᠪᠡᠷ ᠤᠨ | ᠲᠡᠮᠡᠴᠡᠯ ᠤᠨ ᠥᠯᠢᠭᠡᠷ ᠢᠶᠠᠨ ᠶᠠᠷᠢᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠢ ᠬᠥᠳᠡᠯᠮᠦᠷᠢ ᠶᠢᠨ ᠵᠢᠱᠢᠶᠡᠴᠢ ᠶᠢᠨ | ᠵᠣᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠲᠡᠮᠡᠴᠡᠭᠴᠢ ᠪᠣᠯᠬᠤ ᠪᠠᠷ ᠴᠢᠷᠮᠠᠶᠢᠬᠤ ᠶᠢ | ᠵᠣᠷᠢᠭᠵᠢᠭᠤᠯᠵᠠᠢ᠃ ᠨᠡᠶᠢᠭᠡᠮ ᠳᠠᠶᠠᠭᠠᠷ ᠲᠤ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ | ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠣᠯᠭᠠᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠤᠯᠠᠨ ᠲᠦᠮᠡᠨ ᠢ ᠤᠷᠮᠠᠰᠢᠭᠤᠯᠤᠨ ᠵᠣᠷᠢᠭᠵᠢᠭᠤᠯᠵᠤ | ᠪᠠᠶᠢᠭᠠᠳ ᠴᠢᠩ ᠱᠦᠢ ᠾᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ | ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃ | |