ᠥᠨᠳᠥᠷ ᠭᠤᠷᠪᠠ ᠶᠢᠨ ᠳᠣᠣᠷᠠᠳᠤ ᠬᠤᠭᠤᠴᠠᠭ᠎ᠠ ᠪᠣᠯᠵᠤ ᠰᠤᠷᠤᠬᠴᠢᠳ ᠤᠨ ᠳᠠᠷᠤᠭᠠᠰᠤ ᠤᠯᠠᠮ | ᠬᠦᠨᠳᠦᠷᠡᠬᠦ ᠳᠤ ᠭᠡᠷ ᠤᠨ ᠠᠬᠠᠮᠠᠳ ᠪᠣᠯᠣᠭᠰᠠᠳ ᠬᠡᠦᠬᠡᠳ ᠲᠡᠭᠡᠨ ᠬᠡᠷᠬᠢᠨ ᠬᠠᠨᠢ ᠪᠣᠯᠵᠤ ᠶᠡᠭᠡ ᠳᠡᠭᠡᠳᠦ | ᠰᠤᠷᠭᠠᠭᠤᠯᠢ ᠳᠤ ᠰᠢᠯᠭᠠᠬᠤ ᠰᠢᠯᠭᠠᠯᠲᠠ ᠶᠢ ᠯᠠᠪᠳᠠᠭᠤᠨ ᠥᠩᠭᠡᠷᠡᠭᠦᠯᠪᠡᠯ ᠵᠣᠬᠢᠬᠤ ᠪᠤᠢ︖ | ᠪᠡᠭᠡᠵᠢᠩ ᠬᠤᠲᠠ ᠶᠢᠨ ᠵᠠᠭᠤ ᠵᠢᠷᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠡᠳᠬᠢᠴᠡ ᠶᠢᠨ ᠪᠠᠭᠰᠢ | ᠮᠠ ᠪᠦᠸᠧ ᠾᠦᠢ᠄ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠪᠣᠯ ᠰᠢᠯᠭᠠᠭᠤᠯᠤᠭᠴᠢ ᠶᠢᠨ ᠨᠢᠭᠡ ᠯᠠ | ᠬᠥᠮᠥᠨ ᠤ ᠤᠴᠢᠷ ᠲᠡᠳᠦᠢ ᠪᠢᠰᠢ ᠬᠠᠷᠢᠨ ᠪᠦᠭᠦ ᠭᠡᠷ ᠤᠨ ᠬᠥᠮᠥᠰ ᠤᠨ ᠰᠡᠳᠬᠢᠯ ᠢ ᠭᠦᠨᠳᠠᠵᠤ ᠪᠠᠶᠢᠳᠠᠭ᠃ ᠳᠡᠭᠡᠳᠦ | ᠭᠤᠷᠪᠠ ᠶᠢᠨ ᠬᠡᠦᠬᠡᠳ ᠤᠨ ᠰᠤᠷᠤᠯᠴᠠᠬᠤ ᠠᠶᠢᠵᠠᠮ ᠪᠣᠯᠣᠨ ᠰᠡᠳᠬᠢᠯ ᠤᠨ ᠬᠤᠪᠢᠷᠠᠯᠲᠠ ᠶᠢᠨ ᠡᠮᠦᠨ᠎ᠡ ᠭᠡᠷ ᠤᠨ | ᠠᠬᠠᠮᠠᠳ ᠭᠤᠷᠪᠠᠨ ᠵᠦᠢᠯ ᠢ ᠬᠢᠪᠡᠯ ᠵᠣᠬᠢᠨ᠎ᠠ ᠭᠡᠪᠡ᠃ | ᠡᠩ ᠲᠡᠷᠢᠭᠦᠨ ᠳᠤ᠂ ᠭᠡᠷ ᠤᠨ ᠠᠬᠠᠮᠠᠳ ︽ᠭᠡᠳᠤ ᠬᠦᠢᠲᠡᠮᠰᠦᠭ ᠪᠤᠶᠤ ᠭᠡᠳᠤ ᠬᠠᠯᠠᠭᠤᠮᠰᠤᠭ︾ ᠪᠠᠶᠢᠵᠤ | ᠪᠤᠯᠬᠤ ᠦᠭᠡᠢ᠂ ᠡᠩ ᠤᠨ ᠬᠢ ᠪᠠᠷ ᠢᠶᠠᠨ ᠪᠠᠶᠢᠵᠤ᠂ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠬᠤ ᠬᠡᠷᠡᠭᠲᠡᠢ᠃ | ᠬᠡᠦᠬᠡᠳ ᠥᠨᠳᠥᠷ ᠭᠤᠷᠪᠠ ᠪᠤᠯᠬᠤ ᠳᠤ ᠠᠪᠤ ᠡᠵᠢ ᠨᠠᠷ ᠦᠷ᠎ᠡ ᠬᠡᠦᠬᠡᠳ ᠲᠡᠭᠡᠨ ᠬᠢᠵᠦ ᠲᠡᠶᠢᠯᠭᠦ ᠬᠡᠮᠵᠢᠶᠡᠨ ᠳᠤ | ᠢᠯᠡᠭᠦᠬᠡᠨ ᠬᠢᠬᠦ ᠶᠢ ᠪᠤᠳᠤᠳᠠᠭ᠃ ᠮᠠᠰᠢ ᠣᠯᠠᠨ ᠠᠪᠤ ᠡᠵᠢ ᠨᠠᠷ ᠴᠢᠨᠠᠭᠰᠢᠯᠠᠭᠠᠳ ᠡᠭᠦᠨ ᠤ ᠲᠥᠯᠥᠭᠡ ᠥᠪᠡᠷ ᠤᠨ | ᠢᠶᠠᠨ ᠴᠠᠭ᠂ ᠠᠵᠢᠯ᠂ ᠳᠤᠷ᠎ᠠ ᠰᠣᠨᠢᠷᠬᠠᠯ ᠢᠶᠠᠨ ᠦᠷᠡᠭᠳᠡᠭᠦᠯᠵᠦ ᠲᠠᠶᠠᠭᠳᠠᠬᠤ ᠨᠢ ᠵᠥᠪᠭᠡᠨ ᠰᠢᠯᠭᠠᠭᠤᠯᠤᠭᠴᠢ ᠶᠢᠨ | ᠳᠡᠷᠭᠡᠳᠡ ᠢᠯᠡᠭᠦᠬᠡᠨ ᠬᠠᠨᠢ ᠪᠤᠯᠬᠤ ᠶᠢᠨ ᠯᠠ ᠲᠥᠯᠥᠭᠡ ᠶᠤᠮ᠃ ᠡᠶᠢᠮᠦ ᠦᠷᠡᠭᠳᠡᠯ ᠨᠢ ᠬᠥᠮᠥᠰ ᠢ ᠶᠡᠬᠡᠳᠡ | ᠰᠡᠳᠬᠢᠯ ᠳᠣᠭᠳᠣᠯᠤᠭᠤᠯᠵᠤ᠂ ᠡᠨᠡ ᠬᠦ ᠬᠠᠷᠢᠴᠠᠭ᠎ᠠ ᠨᠢ ᠦᠵᠡᠬᠦ ᠳᠤ ᠲᠤᠩ ︽ᠬᠠᠯᠠᠭᠤᠨ ᠳᠣᠲᠣᠨᠣ︾ ᠰᠢᠭ᠋ | ᠰᠠᠨᠠᠭᠳᠠᠭᠤᠯᠬᠤ ᠪᠤᠯᠪᠠᠴᠤ ᠵᠠᠷᠢᠮ ᠦᠶᠡᠰ ᠲᠤ ᠨᠠᠵᠠᠭᠠᠢ ᠨᠥᠯᠥᠭᠡ ᠦᠵᠡᠭᠦᠯᠵᠦ ᠮᠡᠳᠡᠨ᠎ᠡ᠃ ᠤᠴᠢᠷ ᠨᠢ ᠭᠡᠷ ᠤᠨ | ᠠᠬᠠᠮᠠᠳ ᠬᠡᠲᠦᠷᠬᠡᠢ ᠬᠡᠦᠬᠡᠳ ᠤᠨ ᠢᠶᠠᠨ ᠲᠥᠯᠥᠭᠡ ᠭᠡᠵᠦ ᠪᠤᠳᠤᠬᠤ ᠳᠤ ᠰᠢᠯᠭᠠᠭᠤᠯᠤᠭᠰᠠᠳ ᠲᠤ ᠮᠡᠳᠡᠬᠦ ᠮᠡᠳᠡᠬᠦ | ᠦᠭᠡᠢ ᠶᠢᠨ ᠬᠤᠭᠤᠷᠣᠨᠳᠤ ᠨᠢᠭᠡ ᠵᠦᠢᠯ ᠤᠨ ᠳᠠᠷᠤᠯᠲᠠ ᠥᠭᠬᠦ ᠪᠣᠯᠣᠨ᠎ᠠ᠂ ᠰᠢᠯᠭᠠᠭᠤᠯᠤᠭᠴᠢ ᠳᠤ ᠠᠪᠴᠤ ᠬᠡᠯᠡᠪᠡᠯ | ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠪᠣᠯ ᠬᠥᠮᠥᠰ ᠢ ᠣᠨᠴᠠᠭᠠᠶ ᠶᠡᠭᠡ ᠪᠠᠴᠢᠮᠳᠠᠭᠤᠯᠵᠤ᠂ | ᠰᠢᠯᠭᠠᠭᠤᠯᠤᠭᠰᠠᠳ ᠢ ᠪᠠᠴᠢᠮᠳᠠᠭᠤᠯᠵᠤ ᠵᠣᠪᠠᠨᠢᠬᠤ ᠪᠠᠶᠢᠳᠠᠯ ᠳᠤ ᠣᠷᠣᠭᠤᠯᠳᠠᠭ᠃ ᠰᠢᠯᠭᠠᠭᠤᠯᠤᠭᠴᠢ ᠨᠠᠷ ᠴᠤ ᠡᠶᠢᠮᠦ | ᠪᠠᠶᠢᠳᠠᠯ ᠤᠨ ᠳᠣᠣᠷ᠎ᠠ ᠰᠠᠨᠳᠤᠷᠴᠤ ᠠᠯᠮᠠᠶᠢᠷᠠᠬᠤ ᠦᠭᠡᠢ᠂ ᠯᠠᠪᠳᠠᠭᠤᠨ ᠲᠠᠶᠢᠪᠤᠩ ᠠᠪᠤ ᠡᠵᠢ ᠲᠠᠢ ᠪᠠᠶᠢᠬᠤ ᠶᠢ ᠨᠠᠩ | ᠬᠦᠰᠡᠳᠡᠭ᠃ ᠶᠠᠷᠢᠶᠠᠨ ᠦᠭᠡᠢ᠂ ︽ᠡᠩ ᠤᠨ ᠬᠢ ᠪᠠᠷ ᠢᠶᠠᠨ ᠪᠠᠶᠢᠬᠤ︾ ᠭᠡᠳᠡᠭ ᠨᠢ ᠭᠡᠷ ᠤᠨ ᠠᠬᠠᠮᠠᠳ ᠨᠠᠷ | ᠰᠣᠷᠢᠯᠲᠠ ᠬᠢᠬᠦ᠂ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ᠂ ᠰᠤᠷᠭᠠᠭᠤᠯᠢ ᠳᠡᠪᠰᠢᠬᠦ ᠰᠢᠯᠭᠠᠯᠲᠠ ᠳᠤ | ᠮᠠᠰᠢ ᠬᠦᠢᠲᠡᠮᠰᠦᠭ ᠢᠶᠠᠷ ᠬᠠᠨᠳᠤᠵᠤ ᠪᠠᠶᠢᠭᠠᠷᠠᠢ ᠭᠡᠰᠡᠨ ᠦᠭᠡ ᠪᠢᠰᠢ᠂ ᠬᠠᠷᠢᠨ ︽ᠬᠡᠲᠦᠷᠬᠡᠢ ᠬᠠᠯᠠᠭᠤᠮᠰᠤᠭ︾ | ᠪᠤᠶᠤ ︽ᠬᠡᠲᠦᠷᠬᠡᠢ ᠬᠦᠢᠲᠡᠮᠰᠦᠭ︾ ᠪᠠᠶᠢᠬᠤ ᠨᠢ ᠪᠦᠷ ᠵᠣᠬᠢᠮᠵᠢ ᠦᠭᠡᠢ ᠭᠡᠰᠡᠨ ᠦᠭᠡ ᠶᠤᠮ᠃ ᠡᠴᠢᠭᠡ ᠡᠬᠡ | ᠪᠣᠯᠣᠭᠰᠠᠳ ᠬᠡᠦᠬᠡᠳ ᠲᠡᠭᠡᠨ ᠨᠢᠭᠡ ᠵᠦᠢᠯ ᠤᠨ ᠣᠪᠣᠷ ᠢ ᠳᠠᠮᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠂ ᠳᠠᠷᠤᠢ | ᠡᠳᠦᠷ ᠳᠣᠳᠣᠮ ᠤᠨ ᠠᠮᠢᠳᠤᠷᠠᠯ ᠳᠤᠮᠳᠠ ᠬᠡᠦᠬᠡᠳ ᠤᠨ ᠢᠶᠠᠨ ᠰᠤᠷᠤᠯᠭ᠎ᠠ ᠠᠮᠢᠳᠤᠷᠠᠯ ᠳᠤᠨᠢ ᠭᠠᠷ ᠲᠥᠷᠥᠭᠦ ᠦᠭᠡᠢ | ᠴᠤ ᠭᠡᠰᠡᠨ ᠠᠪᠤ ᠡᠵᠢ ᠨᠠᠷ ᠨᠢ ᠬᠡᠵᠢᠶ᠎ᠡ ᠴᠤ ᠲᠡᠳᠡᠨ ᠤ ᠬᠠᠮᠤᠭ ᠤᠨ ᠪᠠᠲᠤ ᠪᠠᠬᠢ ᠲᠦᠰᠢᠭ ᠲᠤᠯᠭᠠᠭᠤᠷᠢ ᠪᠤᠯᠳᠠᠭ | ᠭᠡᠰᠡᠨ ᠢ ᠬᠠᠷᠠᠭᠤᠯᠵᠤ ᠪᠤᠢ᠃ | ᠳᠠᠷᠠᠭᠠᠯᠠᠪᠠᠯ᠂ ᠭᠡᠷ ᠤᠨ ᠠᠬᠠᠮᠠᠳ ᠨᠠᠷ ᠬᠡᠦᠬᠡᠳ ᠢᠶᠠᠨ ᠭᠦᠢᠴᠡᠳ ᠢᠲᠡᠭᠡᠵᠦ᠂ ᠴᠠᠭ ᠢᠶᠠᠨ ᠰᠠᠶᠢᠬᠠᠨ | ᠲᠣᠬᠢᠷᠠᠭᠤᠯᠤᠨ ᠬᠠᠶᠢᠷ᠎ᠠ ᠬᠠᠯᠠᠮᠵᠢ ᠬᠦᠷᠲᠡᠭᠡᠬᠦ ᠬᠡᠷᠡᠭᠲᠡᠢ᠃ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ | ᠰᠢᠯᠭᠠᠯᠲᠠ ᠮᠠᠰᠢ ᠣᠯᠠᠨ ᠪᠣᠯᠬᠤᠷ ᠰᠠᠶᠢᠨ ᠰᠢᠯᠭᠠᠭᠰᠠᠨ ᠦᠭᠡᠢ ᠪᠠᠶᠢᠳᠠᠯ ᠭᠠᠷᠬᠤ ᠨᠢ ᠵᠠᠶᠢᠯᠠᠰᠢ ᠦᠭᠡᠢ᠃ ᠵᠠᠷᠢᠮ | ᠦᠶ᠎ᠡ ᠳᠤ ᠬᠡᠦᠬᠡᠳ ᠤᠳ ᠨᠢ ᠰᠢᠯᠭᠠᠯᠲᠠ ᠶᠢᠨ ᠬᠢᠷᠢ ᠪᠦᠳᠦᠮᠵᠢ ᠠᠴᠠ ᠪᠣᠯᠵᠤ ᠭᠤᠳᠤᠷᠠᠨ᠎ᠠ᠂ ᠡᠨᠡ ᠦᠶ᠎ᠡ ᠳᠤ | ᠡᠴᠢᠭᠡ ᠡᠬᠡ ᠨᠠᠷ ᠬᠡᠦᠬᠡᠳ ᠢᠶᠠᠨ ᠢᠲᠡᠭᠡᠬᠦ ᠴᠢᠬᠤᠯᠠᠲᠠᠢ᠂ ᠵᠣᠬᠢᠬᠤ ᠵᠣᠷᠢᠭᠵᠢᠭᠤᠯᠤᠯ ᠥᠭᠬᠦ ᠬᠡᠷᠡᠭᠲᠡᠢ᠃ ᠭᠡᠷ ᠤᠨ | ᠠᠬᠠᠮᠠᠳ ᠬᠠᠮᠤᠭ ᠤᠨ ᠰᠠᠶᠢᠨ ᠨᠢ ︽ᠬᠡᠷᠪᠡ ᠰᠠᠶᠢᠨ ᠰᠢᠯᠭᠠᠭᠰᠠᠨ ᠦᠭᠡᠢ ᠪᠣᠯ ᠶᠠᠭᠠᠬᠢᠬᠤ ᠪᠤᠢ︾ ᠭᠡᠬᠦ ᠮᠡᠲᠦ ᠶᠢᠨ | ᠠᠰᠠᠭᠤᠳᠠᠯ ᠢ ᠪᠢᠲᠡᠭᠡᠢ ᠶᠠᠷᠢ᠂ ᠬᠠᠷᠢᠨ ᠬᠡᠦᠬᠡᠳ ᠲᠡᠭᠡᠨ ︽ᠴᠢᠳᠠᠯ ᠤᠨ ᠢᠶᠠᠨ ᠬᠢᠷᠢ ᠪᠠᠷ ᠴᠢᠷᠮᠠᠶᠢᠵᠤ ᠯᠠ ᠪᠠᠶᠢᠪᠠᠯ | ᠪᠣᠯᠴᠢᠬᠠᠨ᠎ᠠ︾ ᠭᠡᠰᠡᠨ ᠣᠪᠣᠷ ᠢᠶᠠᠨ ᠵᠥᠪ ᠢᠯᠡᠳᠬᠡᠵᠦ᠂ ᠢᠯᠡᠭᠦᠬᠡᠨ ᠵᠥᠪ ᠡᠨᠧᠷᠭᠢ ᠲᠠᠢ ᠦᠭᠡ ᠶᠠᠷᠢᠵᠤ | ᠤᠷᠮᠠᠰᠢᠭᠤᠯᠤᠨ᠎ᠠ᠃ ᠲᠡᠷᠡᠴᠢᠯᠡᠨ ᠬᠡᠦᠬᠡᠳ ᠢᠶᠠᠨ ᠬᠠᠯᠠᠮᠵᠢᠯᠠᠬᠤ ᠴᠠᠭ ᠲᠣᠭᠢᠶᠠᠯ ᠢ ᠵᠥᠪ ᠰᠣᠩᠭᠤᠵᠤ᠂ ᠲᠡᠳᠡᠠ ᠤ | ᠠᠮᠠᠷᠠᠬᠤ ᠦᠶ᠎ᠡ ᠳᠤ ᠪᠤᠶᠤ ᠰᠡᠳᠬᠢᠯ ᠪᠠᠶᠠᠰᠤᠩᠭᠤᠢ ᠪᠠᠶᠢᠬᠤ ᠦᠶ᠎ᠡ ᠳᠤᠨᠢ ᠳᠠᠭᠠᠷᠠᠭᠤᠯᠵᠤ ᠲᠣᠬᠢᠷᠠᠮᠵᠢᠲᠠᠢ ᠪᠠᠷ | ᠬᠠᠯᠠᠮᠵᠢᠯᠠᠪᠠᠯ ᠵᠣᠬᠢᠨ᠎ᠠ᠃ ᠨᠢᠭᠡ ᠶᠠᠪᠤᠳᠠᠯ ᠢ ᠠᠯᠢ ᠴᠢᠳᠠᠬᠤ ᠪᠠᠷ ᠬᠤᠶᠠᠷ ᠤᠳᠠᠭ᠎ᠠ ᠠᠴᠠ ᠳᠡᠭᠡᠭᠰᠢ ᠳᠠᠪᠲᠠᠬᠤ | ᠶᠠᠷᠢᠵᠤ ᠦᠭᠡᠢ᠂ ᠨᠤᠷᠰᠢᠵᠤ ᠶᠠᠷᠢᠬᠤ ᠦᠭᠡᠢ᠂ ᠬᠡᠦᠬᠡᠳ ᠲᠡᠭᠡᠨ ᠨᠠᠩ ᠶᠡᠭᠡ ᠢᠲᠡᠭᠡᠯ ᠲᠠᠢ ᠪᠠᠶᠢᠬᠤ ᠲᠥᠷᠥᠭᠳᠡᠯ | ᠥᠭᠬᠦ ᠬᠡᠷᠡᠭᠲᠡᠢ᠃ | ᠠᠬᠢᠪᠠᠯ᠂ ᠠᠪᠤ ᠡᠵᠢ ᠪᠣᠯᠣᠭᠰᠠᠳ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠪᠣᠯᠣᠨ ᠮᠡᠳᠡᠭᠡ ᠵᠠᠩᠭᠢ ᠶᠢ ᠡᠷᠲᠡᠬᠡᠨ ᠴᠤᠭᠯᠠᠭᠤᠯᠵᠤ᠂ ᠬᠡᠦᠬᠡᠳ ᠤᠨ ᠢᠶᠠᠨ ᠪᠠᠶᠢᠳᠠᠯ ᠢ | ᠦᠨᠳᠦᠰᠦᠯᠡᠨ ᠳᠤᠰ ᠪᠡᠶ᠎ᠡ ᠳᠤᠨᠢ ᠠᠰᠢᠭᠲᠠᠢ ᠮᠡᠳᠡᠭᠡ ᠵᠠᠩᠭᠢ ᠶᠢ ᠤᠷᠢᠳᠴᠢᠯᠠᠨ ᠰᠢᠯᠢᠨ ᠰᠣᠩᠭᠤᠵᠤ᠂ ᠡᠷᠡᠮᠡᠯᠵᠡᠯ | ᠲᠠᠭᠯᠠᠬᠤ ᠳᠤ ᠰᠠᠭᠤᠷᠢ ᠶᠢ ᠨᠢ ᠰᠠᠶᠢᠨ ᠲᠠᠯᠪᠢᠬᠤ ᠬᠡᠷᠡᠭᠲᠡᠢ᠃ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ | ᠳᠣᠣᠷᠠᠳᠤ ᠰᠤᠷᠤᠯᠭ᠎ᠠ ᠶᠢᠨ ᠬᠤᠭᠤᠴᠠᠭ᠎ᠠ ᠪᠤᠯᠬᠤ ᠳᠤ ᠰᠠᠶ᠋ᠢ ᠡᠷᠡᠮᠡᠯᠵᠡᠯ ᠲᠠᠭᠯᠠᠬᠤ ᠪᠡᠯᠡᠳᠬᠡᠯ ᠬᠢᠬᠦ ᠠᠴᠠ | ᠵᠠᠶᠢᠯᠠᠰᠬᠢᠬᠦ ᠬᠡᠷᠡᠭᠲᠡᠢ᠂ ᠤᠴᠢᠷ ᠨᠢ ᠡᠨᠡ ᠦᠶᠡᠰ ᠰᠢᠯᠭᠠᠭᠤᠯᠤᠭᠴᠢ ᠰᠠᠨᠳᠤᠷᠬᠤ ᠪᠠᠷ ᠪᠠᠷᠠᠬᠤ ᠦᠭᠡᠢ ᠪᠠᠰᠠ ᠮᠡᠳᠡᠭᠡ | ᠵᠠᠩᠭᠢ ᠬᠤᠴᠣᠷᠤᠭᠰᠠᠨ ᠠᠴᠠ ᠪᠣᠯᠵᠤ ᠨᠢᠭᠡ ᠪᠦᠯᠦᠭ ᠰᠢᠯᠭᠠᠭᠤᠯᠤᠭᠴᠢ ︽ᠬᠤᠪᠢ ᠨᠡᠮᠡᠬᠦ︾ ᠵᠠᠪᠰᠢᠶᠠᠨ ᠢᠶᠠᠨ | ᠠᠯᠳᠠᠬᠤ ᠪᠣᠯᠣᠮᠵᠢ ᠲᠠᠢ᠃ ᠭᠡᠷ ᠤᠨ ᠠᠬᠠᠮᠠᠳ ᠨᠢ ᠬᠡᠦᠬᠡᠳ ᠲᠠᠢ ᠪᠠᠨ ᠤᠷᠢᠳᠴᠢᠯᠠᠨ ᠰᠠᠶᠢᠨ ᠳᠤᠷ᠎ᠠ ᠶᠢᠨ | ᠡᠷᠡᠮᠡᠯᠵᠡᠯ ᠲᠠᠭᠯᠠᠬᠤ ᠴᠢᠭᠯᠡᠯ ᠢᠶᠠᠨ ᠨᠠᠷᠢᠨ ᠣᠶᠢᠯᠠᠭᠠᠯᠴᠠᠵᠤ᠂ ᠬᠡᠦᠬᠡᠳ ᠤᠨ ᠰᠠᠨᠠᠭ᠎ᠠ ᠶᠢ ᠭᠦᠢᠴᠡᠳ | ᠣᠶᠢᠯᠠᠭᠠᠭᠰᠠᠨ ᠤ ᠰᠠᠭᠤᠷᠢᠨ ᠳᠡᠭᠡᠷ᠎ᠡ ᠰᠢᠯᠭᠠᠯᠲᠠ ᠳᠤ ᠬᠦᠴᠦ ᠪᠠᠨ ᠲᠠᠯᠪᠢᠬᠤ ᠬᠡᠷᠡᠭᠲᠡᠢ᠃ ᠭᠡᠷ ᠤᠨ ᠠᠬᠠᠮᠠᠳ ᠨᠠᠷ | ᠬᠡᠪ ᠤᠨ ᠪᠠᠶᠢᠳᠠᠯ ᠢᠶᠠᠷ ᠬᠡᠦᠬᠡᠳ ᠤᠨ ᠡᠳᠦᠷ ᠲᠤᠲᠤᠮ ᠤᠨ ᠠᠮᠢᠳᠤᠷᠠᠯ ᠢ ᠰᠠᠶᠢᠲᠤᠷ ᠲᠣᠬᠢᠷᠠᠭᠤᠯᠤᠭᠰᠠᠨ ᠤᠷᠢᠲᠠᠯ | ᠳᠣᠣᠷ᠎ᠠ᠂ ᠨᠠᠩ ᠣᠯᠠᠨ ᠨᠡᠷ᠎ᠡ ᠮᠡᠳᠡᠭᠦᠯᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠭᠯᠠᠭᠤᠯᠬᠤ ᠪᠠ ᠰᠢᠯᠢᠨ | ᠰᠣᠩᠭᠤᠬᠤ ᠳᠡᠭᠡᠷ᠎ᠡ ᠬᠦᠴᠦ ᠪᠠᠨ ᠲᠠᠯᠪᠢᠵᠤ᠂ ᠪᠦᠭᠦ ᠭᠡᠷ ᠤᠨ ᠢᠶᠠᠨ ᠲᠤᠰ ᠲᠤᠰ ᠤᠨ ᠡᠭᠦᠷᠭᠡ ᠪᠠᠨ ᠭᠦᠢᠴᠡᠳᠬᠡᠵᠦ | ᠂ ᠬᠦᠴᠦ ᠪᠠᠨ ᠬᠠᠮᠲᠤᠳᠬᠠᠨ ᠰᠢᠯᠭᠠᠯᠲᠠ ᠳᠤ ᠪᠡᠯᠡᠳᠬᠡᠵᠦ᠂ ᠰᠠᠶᠢᠨ ᠬᠢᠷᠢ ᠪᠦᠳᠤᠮᠵᠢ ᠣᠯᠬᠤ ᠳᠤ ᠬᠦᠴᠦᠨ ᠨᠡᠮᠡᠪᠡᠯ | ᠵᠣᠬᠢᠨ᠎ᠠ᠃ | ᠬᠡᠦᠬᠡᠳ ᠲᠤ ᠬᠠᠨᠢ ᠪᠣᠯᠵᠤ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠳᠤ ᠣᠷᠤᠯᠴᠠᠬᠤ | ᠶᠠᠪᠤᠴᠠ ᠳᠤ᠂ ᠡᠴᠢᠭᠡ ᠡᠬᠡ ᠨᠠᠷ ᠴᠦ ᠥᠪᠡᠷ ᠤᠨ ᠰᠡᠳᠬᠢᠴᠡ ᠶᠢᠨ ᠪᠠᠶᠢᠳᠠᠯ ᠢᠶᠠᠨ ᠰᠠᠶᠢᠲᠤᠷ ᠲᠣᠬᠢᠷᠠᠭᠤᠯᠵᠤ᠂ | ᠥᠪᠡᠷ ᠢ ᠪᠠᠨ ᠰᠠᠶᠢᠲᠤᠷ ᠬᠠᠷᠠᠭᠠᠯᠵᠠᠨ᠂ ᠰᠢᠯᠭᠠᠭᠤᠯᠤᠭᠰᠠᠳ ᠤᠨ ᠬᠠᠮᠤᠭ ᠤᠨ ᠪᠠᠲᠤ ᠴᠢᠩᠭ᠎ᠠ ᠥᠮᠥᠭ ᠲᠦᠰᠢᠭ | ᠪᠤᠯᠬᠤ ᠬᠡᠷᠡᠭᠲᠡᠢ᠃ | | ︵︽ᠪᠡᠭᠡᠵᠢᠩ ᠤᠨ ᠵᠠᠯᠠᠭᠤᠴᠤᠳ ᠤᠨ ᠰᠣᠨᠢᠨ︾ ᠠᠴᠠ ᠣᠷᠴᠢᠭᠤᠯᠤᠨ ᠠᠪᠤᠪᠠ︶ | |