5 ᠰᠠᠷ᠎ᠠ ᠶᠢᠨ19 ᠤ ᠡᠳᠦᠷ᠂ ︽ᠨᠢᠭᠡ ᠬᠤᠲᠠ ᠪᠠᠷ ᠤᠮᠠᠷᠠᠲᠤ ᠬᠢᠯᠢ ᠶᠢ ᠬᠠᠷᠠᠬᠤᠢ᠂ ᠰᠦᠷᠯᠢᠭ ᠰᠠᠶᠢᠬᠠᠨ | ᠬᠡᠪᠲᠡᠭᠡ ᠦᠬᠡᠷ ᠤᠨ ᠲᠣᠬᠤᠢ︾ 2025 ᠣᠨ ᠤ ᠬᠦᠬᠡᠬᠤᠲᠠ ᠶᠢᠨ ︽5·19 ᠤ ᠳᠤᠮᠳᠠᠳᠤ ᠤᠯᠤᠰ ᠤᠨ | ᠵᠢᠭᠤᠯᠴᠢᠯᠠᠯ ᠤᠨ ᠡᠳᠦᠷ︾ ᠤᠨ ᠭᠤᠣᠯ ᠰᠡᠳᠦᠪᠲᠦ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠴᠢᠩ ᠱᠦᠢ | ᠡᠾᠧ ᠰᠢᠶᠠᠨ ᠤ ᠬᠡᠪᠲᠡᠭᠡ ᠦᠬᠡᠷ ᠤᠨ ᠲᠣᠬᠤᠢ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ | ᠣᠷᠣᠨ ᠳᠤ ᠡᠬᠢᠯᠡᠪᠡ᠃ ᠰᠢᠷᠢᠰ ᠠᠵᠢᠯᠯᠠᠭ᠎ᠠ ᠨᠢ 6 ᠲᠥᠷᠥᠯ ᠤᠨ 200 ᠭᠠᠷᠤᠢ ᠵᠦᠢᠯ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢ ᠪᠠᠭᠲᠠᠭᠠᠵᠤ᠂ 5 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠬᠦ | ᠪᠣᠯᠣᠨ᠎ᠠ᠃ | 2025 ᠣᠨ ᠤ ᠬᠦᠬᠡᠬᠤᠲᠠ ᠶᠢᠨ ︽5·19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ | ᠭᠤᠣᠯ ᠰᠡᠳᠦᠪᠲᠦ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠬᠤᠭᠤᠯᠠ ᠤᠮᠳᠠ᠂ ᠬᠤᠨᠤᠭ ᠪᠠᠭᠤᠳᠠᠯ᠂ | ᠠᠶᠠᠯᠠᠯ᠂ ᠵᠢᠭᠤᠯᠴᠢᠯᠠᠯ᠂ ᠬᠤᠳᠠᠯᠳᠤᠨ ᠠᠪᠬᠤ᠂ ᠵᠤᠭ᠎ᠠ ᠴᠡᠩᠭᠡᠯ᠂ ᠰᠤᠷᠤᠯᠴᠠᠬᠤ ᠵᠡᠷᠭᠡ 7 ᠠᠬᠤᠢ ᠪᠠᠶᠢᠳᠠᠯ ᠢᠶᠠᠷ | ᠭᠤᠣᠯᠳᠠᠵᠠᠢ᠃ ᠠᠵᠢᠯᠯᠠᠭ᠎ᠠ ᠶᠢᠨ ᠠᠬᠤᠢ ᠲᠠᠯᠠᠪᠠᠢ ᠳᠤ ᠬᠠᠲᠤᠨ ᠭᠤᠣᠯ ᠳᠠᠭᠠᠤ ᠶᠢᠨ ᠤᠯᠤᠰ ᠤᠨ 5A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠯᠪᠤᠭ᠎ᠠ᠂ ᠥᠪᠥᠷ ᠮᠣᠩᠭᠤᠯ ᠱᠠᠨ ᠰᠢ ᠶᠢᠨ ᠬᠠᠲᠤᠨ ᠭᠤᠣᠯ ᠤᠨ | ᠶᠡᠭᠡ ᠬᠠᠪᠴᠢᠯ ᠤᠨ ᠬᠤᠯᠪᠤᠭ᠎ᠠ ᠶᠢ ᠪᠠᠶᠢᠭᠤᠯᠵᠤ᠂ ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭᠠᠨ ᠳᠤ | ᠰᠢᠨ᠎ᠡ ᠲᠠᠪᠴᠠᠩ ᠬᠠᠩᠭᠠᠪᠠ᠃ ᠠᠵᠢᠯᠯᠠᠭᠠᠨ ᠳᠤ ᠪᠠᠰᠠ ᠶᠣᠰᠣ ᠰᠤᠷᠲᠠᠬᠤᠨ ᠤ ᠵᠢᠱᠢᠶᠡᠴᠢ᠂ ᠭᠦᠭᠡᠬᠤᠲᠠ ᠶᠢᠨ | ᠰᠣᠳᠣᠨ ᠬᠥᠮᠥᠨ᠂ ᠬᠠᠮᠤᠭ ᠤᠨ ᠵᠢᠷᠭᠠᠯᠲᠠᠢ ᠭᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠲᠥᠯᠥᠭᠡᠯᠡᠭᠴᠢ ᠶᠢ ᠤᠷᠢᠵᠤ ᠣᠷᠣᠯᠴᠠᠭᠤᠯᠤᠭᠰᠠᠨ ᠪᠥᠭᠡᠳ ᠲᠥᠯᠥᠭᠡᠯᠡᠭᠴᠢᠳ ᠲᠤ ᠪᠦᠭᠦ ᠬᠤᠲᠠ ᠶᠢᠨ ᠬᠡᠰᠡᠭ | ᠦᠵᠡᠮᠵᠢ ᠶᠢᠨ ᠣᠷᠣᠨ ᠤ ᠡᠭᠦᠳᠡᠨ ᠪᠢᠯᠧᠲ ᠢ ᠪᠡᠯᠡᠭᠯᠡᠵᠡᠢ᠃ ᠡᠭᠦᠨ ᠠᠴᠠ ᠭᠠᠳᠠᠨ᠎ᠠ᠂ ᠲᠤᠬᠠᠢ ᠶᠢᠨ ᠲᠠᠯᠠᠪᠠᠢ ᠳᠤ | ᠪᠠᠰᠠ ᠪᠠᠶᠠᠯᠢᠭ ᠰᠠᠶᠢᠬᠠᠨ ᠬᠤᠷᠰᠢᠯᠴᠠᠬᠤ ᠠᠵᠢᠯᠯᠠᠭ᠎ᠠ ᠲᠣᠬᠢᠷᠠᠭᠤᠯᠵᠤ᠂ ᠭᠦᠭᠡᠬᠤᠲᠠ ᠶᠢᠨ ᠡᠯᠪᠡᠭ ᠪᠠᠶᠠᠯᠢᠭ ᠣᠯᠠᠨ | ᠡᠰᠢᠲᠦ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠣᠶᠢᠯᠠᠭᠠᠭᠤᠯᠤᠭᠰᠠᠨ ᠪᠠᠶᠢᠨ᠎ᠠ᠃ | ᠮᠧᠩ ᠼᠤᠤ ᠦᠷ᠎ᠡ ᠶᠢᠨ ᠦᠢᠯᠡᠰ ᠤᠨ ᠲᠥᠪ᠂ ᠵᠧᠦ ᠵᠢᠢ ᠪᠡᠶ᠎ᠡ ᠶᠢᠨ ᠲᠠᠮᠢᠷ ᠵᠡᠷᠭᠡ 3 ᠰᠤᠳᠤᠯᠤᠨ | ᠰᠤᠷᠤᠯᠴᠠᠬᠤ ᠠᠵᠤ ᠠᠬᠤᠶᠢᠯᠠᠯ ᠲᠤᠬᠠᠢ ᠶᠢᠨ ᠳᠠᠯᠠᠪᠠᠢ ᠶᠢᠨ ᠦᠵᠡᠭᠦᠯᠭᠡ ᠳᠤ ᠣᠷᠣᠯᠴᠠᠵᠤ᠂ ᠭᠦᠭᠡᠬᠤᠲᠠ ᠶᠢᠨ | ᠥᠪᠡᠷᠮᠢᠴᠡ ᠣᠨᠴᠠᠯᠢᠭ ᠲᠠᠢ ᠰᠤᠳᠤᠯᠤᠨ ᠰᠤᠷᠤᠯᠴᠠᠬᠤ ᠡᠬᠢ ᠪᠠᠶᠠᠯᠢᠭ ᠢ ᠦᠵᠡᠭᠦᠯᠪᠡ᠃ ᠦᠵᠡᠭᠦᠯᠭᠡ ᠳᠤ ᠪᠠᠰᠠ | ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠪᠤᠯᠬᠤ | ᠭᠦᠭᠡᠬᠤᠲᠠ ᠶᠢᠨ ᠮᠣᠩᠭᠤᠯ ᠦᠨᠳᠦᠰᠦᠲᠡᠨ ᠤ ᠠᠷᠠᠰᠤᠨ ᠤᠷᠠᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠪᠣᠳᠠᠰ ᠤᠨ ᠪᠤᠰᠤ ᠰᠤᠶᠤᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠪᠤᠯᠬᠤ ᠴᠢᠩ ᠱᠦᠢ ᠾᠧ ᠶᠢᠨ | ᠱᠠᠭᠠᠵᠠᠩ ᠤᠷᠠᠯᠠᠯ ᠵᠡᠷᠭᠡ ᠲᠤᠬᠠᠢ ᠶᠢᠨ ᠭᠠᠵᠠᠷ ᠤᠨ ᠪᠤᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ᠂ | ᠣᠯᠠᠨ ᠡᠰᠢᠲᠦ ᠰᠣᠶᠣᠯ ᠤᠨ ᠷᠢᠳᠢ ᠰᠢᠳᠢ ᠶᠢ ᠢᠯᠡᠷᠡᠭᠦᠯᠪᠡ᠃ ᠭᠦᠭᠡᠬᠤᠳᠠ ᠬᠤᠲᠠ ᠶᠢᠨ ᠠᠷᠠᠳ ᠪᠠ | ᠵᠢᠭᠤᠯᠴᠢᠯᠠᠬᠰᠠᠳ ᠲᠤ ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠨ ᠨᠠᠩ ᠰᠠᠶᠢᠲᠤᠷ ᠡᠳ᠋ᠯᠡᠭᠦᠯᠭᠦ | ᠶᠢᠨ ᠲᠥᠯᠥᠭᠡ᠂ ᠡᠯ᠎ᠡ A ᠲᠠᠰ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠬᠠᠷᠠᠭᠠᠯᠵᠠᠯ᠂ ᠣᠳᠣᠨ | ᠲᠠᠰ ᠤᠨ ᠪᠠᠭᠤᠳᠠᠯ ᠤᠨ ᠦᠨ᠎ᠡ ᠬᠢᠮᠳᠠᠷᠠᠭᠤᠯᠬᠤ ᠬᠠᠷᠠᠭᠠᠯᠵᠠᠯ ᠵᠡᠷᠭᠡ ᠶᠢ ᠪᠠᠭᠲᠠᠭᠠᠭᠰᠠᠨ ᠰᠣᠶᠣᠯ ᠵᠢᠭᠤᠯᠴᠢᠯᠠᠯ ᠢᠶᠠᠷ | ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠶᠡᠭᠡ ᠣᠯᠠᠨ ᠨᠡᠶᠢᠲᠡ ᠶᠢᠨ | ᠰᠣᠶᠣᠯ ᠤᠨ ᠲᠠᠯᠠᠪᠠᠶ ᠣᠷᠳᠣᠨ᠂ ᠣᠷᠳᠣᠨ ᠮᠦᠽᠧᠢ ᠴᠤ ᠠᠯᠢ ᠣᠯᠠᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ | ᠦᠷᠨᠢᠭᠦᠯᠵᠡᠢ᠃ | |