︽5 · 18 ᠤᠯᠠᠨ ᠤᠯᠤᠰ ᠤᠨ ᠮᠦᠽᠧᠢ ᠶᠢᠨ ᠡᠳᠦᠷ︾ ᠵᠢᠴᠢ ᠴᠢᠩ ᠱᠦᠢ ᠾᠧ ᠶᠢᠨ ᠮᠦᠽᠧᠢ ᠪᠠᠶᠢᠭᠤᠯᠤᠭᠳᠠᠭᠰᠠᠨ ᠬᠤᠶᠠᠷ ᠵᠢᠯ ᠤᠨ ᠤᠢ ᠶᠢ ᠪᠠᠶᠠᠷᠯᠠᠨ ᠪᠡᠯᠭᠡᠯᠡᠬᠦ ᠣᠨᠴᠠᠭᠠᠢ ᠠᠵᠢᠯᠯᠠᠭ᠎ᠠ
ᠨᠡᠶᠢᠲᠡᠯᠡᠭᠰᠡᠨ ᠴᠠᠭ᠄
2025/5/22
     49 ᠳ᠋ᠦ᠋ᠭᠡᠷ ︽5 · 18 ᠤᠯᠠᠨ ᠤᠯᠤᠰ ᠤᠨ ᠮᠦᠽᠧᠢ ᠶᠢᠨ ᠡᠳᠦᠷ︾  ᠢ ᠤᠭᠲᠤᠵᠤ᠂ ᠰᠣᠶᠣᠯ ᠤᠨ ᠤᠯᠠᠮᠵᠢᠯᠠᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 18 ᠤ ᠡᠳᠦᠷ ᠴᠢᠩ ᠱᠦᠢ ᠾᠧ ᠶᠢᠨ ᠮᠦᠽᠧᠢ ᠶᠢᠨ ᠬᠢᠨ ᠬᠠᠳᠠᠭᠠᠯᠠᠮᠵᠢ ᠶᠢᠨ ᠵᠦᠢᠯ ᠢᠶᠠᠨ ᠢᠪᠡᠭᠡᠨ ᠬᠠᠨᠳᠢᠪᠯᠠᠭᠴᠢᠳ ᠪᠣᠯᠣᠨ ᠮᠦᠽᠧᠢ ᠶᠢᠨ ᠪᠦᠷᠢᠳᠬᠡᠨ ᠳᠠᠩᠰᠠᠯᠠᠯᠲᠠ ᠵᠢᠴᠢ ᠳᠠᠩᠰᠠ ᠡᠪᠬᠡᠮᠡᠯ ᠢ ᠳᠡᠰ ᠳᠡᠪᠰᠢᠭᠦᠯᠬᠦ ᠶᠠᠪᠤᠴᠠ ᠳᠤ ᠶᠡᠬᠡᠪᠡᠷ ᠳᠡᠮᠵᠢᠯᠭᠡ ᠦᠵᠡᠭᠦᠯᠦᠭᠰᠡᠨ ᠬᠦᠮᠦᠰ ᠲᠤ ᠣᠨᠴᠠᠭᠠᠶ ᠱᠠᠩᠨᠠᠯ ᠣᠯᠭᠤᠬᠤ ᠶᠣᠰᠣᠯᠠᠯ ᠶᠠᠪᠤᠭᠤᠯᠵᠠᠢ᠃ ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠣᠯ ᠮᠦᠽᠧᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠬᠠᠷᠠᠮ ᠦᠭᠡᠢ ᠵᠢᠳᠬᠦᠭᠰᠡᠨ ᠬᠤᠪᠢ ᠬᠥᠮᠥᠨ ᠪᠣᠯᠣᠨ ᠪᠦᠯᠬᠦᠮ ᠳᠤ ᠬᠦᠨᠳᠦᠳᠬᠡᠯ ᠳᠡᠪᠰᠢᠭᠦᠯᠦᠨ᠂ ᠨᠡᠶᠢᠭᠡᠮ ᠤᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠰᠣᠶᠣᠯ ᠤᠨ ᠥᠪ ᠢ ᠬᠠᠮᠠᠭᠠᠯᠠᠬᠤ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃
1.jpg
     ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠴᠢᠩ ᠱᠦᠢ ᠾᠧ ᠶᠢᠨ ᠮᠦᠽᠧᠢ ᠶᠢᠨ ᠳᠠᠷᠤᠭ᠎ᠠ ᠤᠷᠲᠤ ᠬᠤᠭᠤᠴᠠᠭᠠᠨ ᠤ ᠲᠤᠷᠰᠢ ᠮᠦᠽᠧᠢ ᠶᠢᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠂ ᠲᠡᠷᠡ ᠢᠯᠡᠷᠬᠡᠶᠢᠯᠡᠬᠦ ᠳᠡᠭᠡᠨ᠂ ᠬᠠᠳᠠᠭᠠᠯᠠᠮᠵᠢ ᠪᠣᠯᠭᠠᠨ ᠤ ᠠᠷᠤ ᠳᠤ ᠴᠥᠮ ᠭᠦᠨ ᠵᠤᠵᠠᠭᠠᠨ ᠰᠣᠶᠣᠯ ᠤᠨ ᠳᠤᠷᠠᠰᠤᠮᠵᠢ ᠠᠭᠤᠯᠤᠭᠳᠠᠵᠤ ᠪᠠᠶᠢᠳᠠᠭ᠂ ᠬᠠᠷᠢᠨ ᠮᠠᠰᠢ ᠣᠯᠠᠨ ᠬᠠᠳᠠᠭᠠᠯᠠᠮᠵᠢ ᠬᠦᠷᠭᠡᠭᠴᠢᠳ ᠪᠣᠯ ᠶᠠᠭ ᠡᠲᠡᠭᠡᠷ ᠳᠤᠷᠠᠰᠤᠮᠵᠢ ᠶᠢ ᠰᠠᠬᠢᠨ ᠬᠠᠮᠠᠭᠠᠯᠠᠬᠤ ᠶᠢᠨ ︽ᠭᠠᠪᠢᠶᠠᠲᠠᠨ︾ ᠮᠥᠨ᠂ ᠲᠡᠳᠡᠨ ᠤ ᠰᠠᠶᠢᠨ ᠦᠶᠯᠡ ᠠᠵᠢᠯᠯᠠᠭ᠎ᠠ ᠨᠢ ᠮᠦᠽᠧᠢ ᠶᠢᠨ ᠬᠠᠳᠠᠭᠠᠯᠠᠮᠵᠢ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠬᠤᠵᠢᠮ ᠤᠨ ᠬᠥᠮᠥᠰ ᠲᠤ ᠬᠤᠪᠣᠷ ᠨᠠᠨᠳᠢᠨ ᠰᠣᠶᠣᠯ ᠤᠨ ᠦᠨᠡᠲᠦ ᠡᠷᠳᠡᠨᠢ ᠶᠢ ᠦᠯᠡᠳᠡᠭᠡᠵᠦ ᠥᠭᠭᠦᠭᠰᠡᠨ ᠪᠠᠶᠢᠨ᠎ᠠ ᠭᠡᠵᠡᠢ᠃
2.jpg
3.jpg
      ᠠᠬᠤᠢ ᠲᠠᠯᠠᠪᠤᠷ ᠲᠤ 20 ᠭᠠᠷᠤᠢ ᠨᠡᠷᠡᠰ ᠬᠠᠳᠠᠭᠠᠯᠠᠮᠵᠢ ᠶᠢᠨ ᠡᠳ᠋ ᠢᠪᠡᠭᠡᠨ ᠬᠠᠨᠳᠢᠪᠯᠠᠭᠴᠢᠳ ᠵᠢᠴᠢ ᠮᠦᠽᠧᠢ ᠶᠢᠨ ᠳᠠᠩᠰᠠᠯᠠᠭᠤᠯᠤᠯᠲᠠ ᠬᠢᠬᠦ ᠵᠢᠴᠢ ᠳᠠᠩᠰᠠ ᠡᠪᠬᠡᠮᠡᠯ ᠢ ᠳᠡᠰ ᠳᠡᠪᠰᠢᠭᠦᠯᠬᠦ ᠶᠠᠪᠤᠴᠠ ᠳᠤ ᠶᠡᠬᠡᠪᠡᠷ ᠳᠡᠮᠵᠢᠯᠭᠡ ᠦᠵᠡᠭᠦᠯᠦᠭᠰᠡᠨ ᠬᠦᠮᠦᠰ ᠲᠤ ᠬᠠᠨᠳᠢᠪ ᠤᠨ ᠦᠨᠡᠮᠯᠡᠯ ᠪᠠ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠤ ᠣᠶᠢᠷ᠎ᠠ ᠶᠢᠨ ᠵᠢᠯ ᠤᠳ ᠲᠤ ᠮᠦᠽᠧᠢ ᠳᠤ ᠠᠷᠠᠳ ᠤᠨ ᠵᠠᠩ ᠦᠶᠯᠡ ᠶᠢᠨ ᠪᠠᠭᠠᠵᠢ ᠬᠡᠷᠡᠭᠰᠡᠯ ᠵᠡᠷᠭᠡ ᠬᠤᠪᠣᠷ ᠨᠠᠨᠳᠢᠨ ᠬᠠᠳᠠᠭᠠᠯᠠᠮᠵᠢ ᠶᠢᠨ ᠡᠳ᠋ ᠢ ᠬᠠᠨᠳᠢᠪᠯᠡᠨ ᠬᠦᠷᠭᠡᠭᠰᠡᠨ ᠶᠠᠪᠤᠳᠠᠯ ᠢ ᠨᠢ ᠬᠥᠬᠢᠭᠦᠯᠦᠨ ᠰᠠᠶᠢᠰᠢᠶᠠᠪᠠ᠃ ᠡᠳᠡᠭᠡᠷ ᠬᠠᠳᠠᠭᠠᠯᠠᠮᠵᠢ ᠶᠢᠨ ᠵᠦᠢᠯ ᠤᠳ ᠨᠢ ᠮᠦᠽᠧᠢ ᠶᠢᠨ ᠬᠠᠳᠠᠭᠠᠯᠠᠮᠵᠢ ᠶᠢᠨ ᠰᠢᠰᠲ᠋ᠧᠮ ᠢ ᠪᠠᠶᠠᠯᠢᠭᠵᠢᠭᠤᠯᠵᠤ᠂ ᠣᠷᠣᠨ ᠨᠤᠲᠤᠭ ᠤᠨ ᠲᠡᠦᠬᠡ ᠶᠢᠨ ᠰᠤᠳᠤᠯᠭᠠᠨ ᠳᠤ ᠴᠢᠬᠤᠯᠠ ᠳᠡᠮᠵᠢᠯᠭᠡ ᠬᠠᠩᠭᠠᠭᠰᠠᠨ ᠪᠠᠶᠢᠨ᠎ᠠ᠃
4.jpg
     ᠬᠥᠬᠢᠭᠦᠯᠦᠨ ᠰᠠᠶᠢᠰᠢᠶᠠᠬᠤ ᠶᠣᠰᠣᠯᠠᠯ ᠳᠠᠭᠤᠰᠤᠭᠰᠠᠨ ᠤ ᠲᠠᠷᠠᠭ᠎ᠠ᠂ ᠮᠦᠽᠧᠢ ᠳᠤ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠬᠦ ᠪᠠ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠢ ᠲᠣᠭᠤᠷᠢᠨ ᠦᠵᠡᠬᠦ ᠭᠤᠭᠴᠤᠭ᠎ᠠ ᠶᠢ ᠣᠨᠴᠠᠭᠠᠶᠢᠯᠠᠨ ᠲᠣᠬᠢᠷᠠᠭᠤᠯᠪᠠ᠃ ᠪᠤᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠭᠦᠸᠧ ᠪᠠᠭᠰᠢ ᠲᠤᠬᠠᠢ ᠶᠢᠨ ᠲᠠᠯᠠᠪᠠᠶ ᠳᠤ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ  ᠢ ᠳᠡᠯᠭᠡᠨ ᠦᠵᠡᠭᠦᠯᠵᠦ᠂ ᠵᠢᠷᠤᠭᠠᠰᠤ ᠱᠤᠭᠤᠮ ᠨᠢ ᠤᠷᠠᠨ ᠨᠠᠷᠢᠯᠢᠭ᠂ ᠳᠦᠷᠰᠦ ᠪᠦᠲᠦᠭᠡᠯᠲᠡ ᠨᠢ ᠠᠮᠢᠳᠤᠯᠢᠭ ᠳᠦᠷᠰᠦᠯᠢᠭ ᠪᠠᠶᠢᠵᠤ᠂ ᠲᠣᠭᠤᠷᠢᠨ ᠦᠵᠡᠭᠴᠢᠳ ᠢ ᠮᠠᠭᠲᠠᠭᠠᠯ ᠰᠠᠶᠢᠰᠢᠶᠠᠯ ᠢ ᠣᠯᠵᠠᠢ᠃
5.jpg
     ᠲᠣᠰ ᠤᠳᠠᠭᠠᠨ ᠤ ᠠᠵᠢᠯᠯᠠᠭ᠎ᠠ ᠳᠤ᠂ ᠢᠪᠡᠭᠡᠨ ᠬᠠᠨᠳᠢᠪᠯᠠᠭᠴᠢ ᠵᠢᠴᠢ ᠮᠦᠽᠧᠢ ᠶᠢᠨ ᠪᠦᠷᠢᠳᠬᠡᠨ ᠳᠠᠩᠰᠠᠯᠠᠯᠲᠠ ᠵᠢᠴᠢ ᠳᠠᠩᠰᠠ ᠡᠪᠬᠡᠮᠡᠯ ᠢ ᠳᠡᠰ ᠳᠡᠪᠰᠢᠭᠦᠯᠬᠦ ᠶᠠᠪᠤᠴᠠ ᠳᠤ ᠶᠡᠬᠡᠪᠡᠷ ᠳᠡᠮᠵᠢᠯᠭᠡ ᠦᠵᠡᠭᠦᠯᠦᠭᠰᠡᠨ ᠬᠥᠮᠥᠰ ᠢ ᠬᠥᠬᠢᠭᠦᠯᠦᠨ ᠰᠠᠶᠢᠰᠢᠶᠠᠬᠤ ᠪᠠᠷ ᠳᠡᠮᠵᠢᠨ᠂ ᠣᠯᠠᠨ ᠨᠡᠶᠢᠲᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠤᠬᠠᠢ ᠲᠠᠨᠢᠯᠲᠠ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠪᠠᠷ ᠳᠠᠮᠵᠢᠭᠤᠯᠤᠨ ᠤᠯᠠᠮᠵᠢᠯᠠᠯᠲᠤ ᠤᠷ᠎ᠠ ᠮᠡᠷᠭᠡᠰᠢᠯ ᠢ ᠣᠯᠠᠨ ᠲᠦᠮᠡᠨ ᠤ ᠠᠮᠢᠳᠤᠷᠠᠯ ᠳᠤ ᠣᠷᠣᠭᠤᠯᠬᠤ ᠶᠢ ᠲᠦᠯᠬᠢᠨ ᠠᠬᠢᠭᠤᠯᠪᠠ᠃ ᠵᠠᠯᠭᠠᠭᠠᠳ ᠴᠢᠩ ᠱᠦᠢ ᠾᠧ ᠶᠢᠨ ᠮᠦᠽᠧᠢ ︽ᠬᠠᠳᠠᠭᠠᠯᠠᠮᠵᠢ ᠵᠦᠢᠯ + ᠪᠣᠳᠠᠰ ᠤᠨ ᠪᠤᠰᠤ ᠰᠣᠶᠣᠯ ᠤᠨ ᠥᠪ︾ ᠤᠨ ᠠᠭᠤᠰᠤᠯᠴᠠᠯ ᠤᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠭᠡᠭᠡᠯᠲᠡᠲᠡᠢ᠂ ᠬᠠᠮᠲᠤᠪᠠᠷ ᠡᠳ᠋ᠯᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠰᠣᠶᠣᠯ ᠢ ᠤᠯᠠᠮᠵᠢᠯᠠᠬᠤ ᠪᠠ ᠰᠤᠷᠭᠠᠨ ᠬᠥᠮᠥᠵᠢᠭᠦᠯᠬᠦ ᠴᠢᠳᠠᠪᠬᠢ ᠶᠢ ᠴᠢᠨᠠᠭᠰᠢᠳᠠ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠵᠤ︾᠂ ᠨᠡᠩ ᠤᠯᠠᠨ ᠬᠥᠮᠥᠰ ᠲᠤ ᠲᠡᠦᠬᠡ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠪᠣᠯᠣᠨ᠎ᠠ᠃ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1