ᠭᠦᠭᠡᠬᠤᠳᠠ ᠶᠢᠨ ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 5 ᠰᠠᠷ᠎ᠠ ᠶᠢᠨ 28 ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2025/5/26
  5 ᠰᠠᠷ᠎ᠠ ᠶᠢᠨ 21 ᠤ ᠡᠳᠦᠷ᠂ 2025 ᠣᠨ ᠤ CFA ᠳᠤᠮᠳᠠᠳᠤ ᠤᠯᠤᠰ ᠤᠨ ᠠᠩᠭᠢ ᠶᠢᠨ ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠭᠦᠭᠡᠬᠤᠲᠠ ᠳᠤ ᠶᠠᠪᠤᠭᠳᠠᠪᠠ᠃  ᠬᠤᠷᠠᠯ ᠠᠴᠠ ᠣᠶᠢᠯᠠᠭᠠᠭᠰᠠᠨ ᠢᠶᠠᠷ᠂ 2025 ᠣᠨ ᠤ CFA ᠳᠤᠮᠳᠠᠳᠤ ᠤᠯᠤᠰ ᠤᠨ ᠠᠩᠭᠢ ᠶᠢᠨ ︽ᠰᠢᠩ ᠲᠠᠢ ᠬᠤᠨᠳᠠᠭᠠᠲᠤ︾ ᠭᠦᠭᠡᠬᠤᠲᠠ ᠳᠠᠬᠢ ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 5 ᠰᠠᠷ᠎ᠠ ᠶᠢᠨ 28 ᠤ ᠡᠳᠦᠷ ᠭᠦᠭᠡᠬᠤᠲᠠ ᠳᠤ ᠡᠬᠢᠯᠡᠨ᠎ᠡ᠃  ᠲᠣᠰ ᠤᠳᠠᠭᠠᠨ ᠤ ᠤᠷᠤᠯᠳᠤᠭᠠᠨ ᠪᠣᠯ ᠣᠯᠠᠨ ᠤᠯᠤᠰ ᠤᠨ B ᠲᠠᠰ ᠤᠨ ᠤᠷᠤᠯᠳᠤᠭᠠᠨ ᠪᠠᠶᠢᠵᠤ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠭᠤᠣᠯᠯᠠᠨ ᠡᠷᠭᠢᠯᠡᠨ᠎ᠡ᠃ ᠤᠷᠤᠯᠳᠤᠭᠠᠨ ᠳᠤ U᠊᠊16 ᠶᠢᠨ 4 ᠤᠯᠤᠰ ︵ᠳᠤᠮᠳᠠᠳᠤ ᠤᠯᠤᠰ᠂ ᠠᠦ᠋ᠰᠲᠷᠠᠯᠢᠶ᠎ᠠ᠂ ᠸᠢᠶᠧᠲᠨᠠᠮ᠂ ᠰᠠᠦ᠋ᠳᠢ ᠠᠷᠠᠪ︶ ᠤᠨ ᠡᠷᠡᠭᠲᠡᠢ ᠶᠢᠨ ᠬᠥᠯ ᠪᠥᠮᠪᠦᠭᠡ ᠶᠢᠨ ᠠᠩᠭᠢ ᠣᠷᠣᠯᠴᠠᠨ᠎ᠠ᠃ ᠳᠥᠷᠪᠡᠨ ᠰᠠᠯᠠᠭ᠎ᠠ ᠠᠩᠭᠢ ᠶᠢᠨ ᠬᠢᠨ 5 ᠰᠠᠷ᠎ᠠ ᠶᠢᠨ 28 ᠤ ᠡᠳᠦᠷ᠂ 5 ᠰᠠᠷ᠎ᠠ ᠶᠢᠨ 30 ᠤ ᠡᠳᠦᠷ ᠪᠠ 6 ᠰᠠᠷ᠎ᠠ ᠶᠢᠨ1 ᠤ ᠡᠳᠦᠷ 6 ᠲᠠᠯᠠᠪᠤᠷ ᠤᠷᠤᠯᠳᠤᠭᠠᠨ ᠶᠠᠪᠤᠭᠤᠯᠵᠤ᠂ ᠳᠤᠮᠳᠠᠳᠤ ᠤᠯᠤᠰ ᠤᠨ ᠠᠩᠭᠢ ᠤᠷᠢᠳ ᠬᠤᠵᠢᠳ ᠰᠠᠦ᠋ᠳᠢ ᠠᠷᠠᠪ ᠤᠨ ᠠᠩᠭᠢ᠂ ᠸᠢᠶᠧᠲᠨᠠᠮ ᠤᠨ ᠠᠩᠭᠢ ᠪᠠ ᠠᠦ᠋ᠰᠲᠷᠠᠯᠢᠶ᠎ᠠ ᠶᠢᠨ ᠠᠩᠭᠢ ᠲᠠᠢ ᠲᠤᠰ ᠲᠤᠰ ᠥᠷᠢᠰᠦᠯᠳᠦᠨ᠎ᠡ᠃  2025 ᠣᠨ ᠤ CFA ᠳᠤᠮᠳᠠᠳᠤ ᠤᠯᠤᠰ ᠤᠨ ᠠᠩᠭᠢ ᠶᠢᠨ ᠭᠦᠭᠡᠬᠤᠲᠠ ᠳᠠᠬᠢ ᠣᠯᠠᠨ ᠤᠯᠤᠰ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠣᠯ ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠳᠠᠭᠠᠭᠠᠨ ᠡᠷᠭᠢᠯᠡᠭᠰᠡᠨ ᠬᠠᠮᠤᠭ ᠤᠨ ᠳᠡᠭᠡᠳᠦ ᠲᠠᠰ ᠤᠨ 11 ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠪᠣᠯᠣᠨ᠎ᠠ᠂ ᠡᠨᠡ ᠨᠢ ᠥᠪᠥᠷ ᠮᠣᠩᠭᠤᠯ ᠤᠨ ᠬᠥᠯ ᠪᠥᠮᠪᠦᠭᠡ ᠶᠢᠨ ᠦᠢᠯᠡᠰ ᠢ ᠠᠬᠢᠭᠤᠯᠤᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1