︵ᠰᠤᠷᠪᠤᠯᠵᠢᠯᠠᠭᠴᠢ ᠦ᠋ ᠽᠢ ᠰᠢᠤᠸᠠᠨ︶ 5 ᠳ᠋ᠤᠭᠠᠷ ᠰᠠᠷ᠎ᠠ ᠶᠢᠨ 22 ᠤ ᠡᠳᠦᠷ ᠬᠥᠬᠡᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | 2025 ᠣᠨ ᠤ ᠭᠤᠷᠪᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠪᠠᠭᠤᠯᠭᠠᠵᠤ᠂ | ᠬᠥᠬᠡᠬᠤᠲᠠ 2360.9 ᠲᠦᠮᠡᠨ ᠲᠥᠭᠦᠷᠢᠭ ᠤᠨ ᠳᠡᠮᠵᠢᠯᠭᠡ ᠶᠢᠨ ᠪᠡᠯᠡ ᠮᠥᠩᠭᠦ ᠬᠦᠷᠲᠡᠪᠡ᠃ ᠡᠭᠦᠨ ᠳᠤ | ᠮᠡᠷᠭᠡᠵᠢᠯ ᠤᠨ ᠠᠷᠠᠯᠵᠢᠶ᠎ᠠ ᠶᠢᠨ ᠳᠠᠷᠠᠭᠠᠬᠢ ᠨᠥᠬᠦᠪᠦᠷᠢ 236 ᠵᠦᠢᠯ᠂ 1743.8 ᠲᠦᠮᠡᠨ ᠲᠥᠭᠦᠷᠢᠭ᠂ | ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ 24 ᠵᠦᠢᠯ᠂ 617.1 ᠲᠦᠮᠡᠨ ᠲᠥᠭᠦᠷᠢᠭ | ᠪᠠᠭᠲᠠᠨ᠎ᠠ᠃ ᠳᠡᠭᠡᠷ᠎ᠡ ᠳᠤᠷᠠᠳᠤᠭᠰᠠᠨ ᠬᠤᠶᠠᠷ ᠲᠥᠷᠥᠯ ᠤᠨ ᠲᠥᠷᠥᠯ ᠵᠦᠢᠯ ᠤᠨ ᠳᠡᠮᠵᠢᠯᠭᠡ ᠶᠢᠨ ᠲᠤᠭ᠎ᠠ ᠬᠡᠮᠵᠢᠶ᠎ᠡ | ᠪᠠ ᠳᠡᠮᠵᠢᠯᠭᠡ ᠶᠢᠨ ᠵᠣᠭᠤᠰ ᠤᠨ ᠲᠤᠭ᠎ᠠ ᠨᠢ ᠴᠥᠮ ᠥᠪᠥᠷ ᠮᠣᠩᠭᠤᠯ ᠤᠨ ᠲᠡᠷᠢᠭᠦᠨ ᠳᠤ ᠣᠷᠣᠪᠠ᠃ | ᠣᠳᠣᠬᠠᠨ ᠪᠣᠯᠲᠠᠯ᠎ᠠ᠂ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠢ ᠰᠢᠯᠵᠢᠭᠦᠯᠬᠦ | 36 ᠦᠢᠯᠡᠴᠢᠯᠡᠭᠡᠨ ᠤ ᠪᠠᠶᠢᠭᠤᠯᠤᠮᠵᠢ ᠲᠠᠢ᠃ ᠲᠣᠰ ᠤᠳᠠᠭᠠᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ | ᠰᠢᠰᠲ᠋ᠧᠮᠵᠢ ᠶᠢᠨ ᠲᠥᠷᠥᠯ ᠵᠦᠢᠯ ᠳᠤ ᠨᠢᠭᠡᠳᠦᠭᠡᠷ ᠳᠡᠰ ᠤᠨ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ 7 | ᠪᠠᠶᠢᠭᠤᠯᠤᠮᠵᠢ᠂ ᠬᠤᠶᠠᠳᠤᠭᠠᠷ ᠳᠡᠰ ᠤᠨ 11 ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠲᠣᠰ | ᠲᠣᠰ ᠪᠡᠯᠡ ᠮᠥᠩᠭᠦ ᠶᠢᠨ ᠳᠡᠮᠵᠢᠯᠭᠡ ᠭᠥᠷᠳᠡᠵᠦ᠂ 2024 ᠣᠨ ᠲᠠᠢ ᠬᠠᠷᠢᠴᠠᠭᠤᠯᠪᠠᠯ ᠲᠣᠰ ᠲᠣᠰ 4 ᠪᠠ 2 | ᠨᠡᠮᠡᠭᠳᠡᠵᠦ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ᠃ | ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ︽ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠴᠤᠭᠯᠠᠷᠠᠯ︾ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠤᠭᠰᠠᠨ ᠰᠢᠨ᠎ᠡ ᠵᠠᠭᠪᠤᠷ ᠰᠢᠨ᠎ᠡ ᠠᠷᠭ᠎ᠠ | ᠵᠠᠮ ᠢ ᠬᠠᠶᠢᠨ ᠰᠦᠪᠡᠭᠴᠢᠯᠡᠪᠡ᠃ 2024 ᠣᠨ ᠳᠤ᠂ ᠬᠥᠬᠡᠬᠤᠲᠠ ᠶᠢᠨ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ | 756 ᠵᠦᠢᠯ ᠪᠠᠶᠢᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ 27.41 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 81.89 % ᠪᠠᠷ ᠨᠡᠮᠡᠭᠳᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠡᠭᠦᠳᠦᠯᠲᠡ ᠰᠢᠪᠲᠤᠯᠤᠯᠲᠠ ᠶᠢᠨ ᠬᠤᠰᠢᠭᠤᠴᠢ ᠪᠣᠯᠤᠭᠰᠠᠨ ᠪᠠᠶᠢᠨ᠎ᠠ᠃ | 2025 ᠣᠨ ᠤ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠶᠢᠨ ᠦᠨᠡᠯᠡᠨ ᠲᠣᠭᠲᠠᠭᠠᠵᠤ | ᠳᠠᠩᠰᠠᠯᠠᠭᠰᠠᠨ ᠮᠡᠷᠭᠡᠵᠢᠯ ᠤᠨ ᠭᠡᠷ᠎ᠡ 299 ᠬᠤᠪᠢ ᠪᠠᠶᠢᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ | 35106.86 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 ᠳᠠᠬᠢᠨ ᠣᠷᠴᠢᠮ | ᠨᠡᠮᠡᠭᠳᠡᠵᠦ᠂ ᠮᠡᠷᠭᠡᠵᠢᠯ ᠤᠨ ᠠᠷᠠᠯᠵᠢᠶ᠎ᠠ ᠨᠡᠯᠢᠶᠡᠳ ᠬᠥᠭᠵᠢᠶᠡᠨᠲᠡᠢ ᠪᠣᠯᠪᠠ᠃ | |