5 ᠳ᠋ᠤᠭᠠᠷ ᠰᠠᠷ᠎ᠠ ᠶᠢᠨ 23 ᠤ ᠡᠳᠦᠷ᠂ ᠪᠦᠬᠦ ᠤᠯᠤᠰ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠲᠥᠪ ᠤᠨ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ 202 ᠬᠤᠲᠠ ︵ᠣᠷᠣᠨ︶ ᠳᠤ ᠪᠦᠭᠦ ᠤᠯᠤᠰ ᠤᠨ | ᠪᠣᠯᠪᠠᠰᠤᠨ ᠬᠤᠲᠠ ᠶᠢᠨ ᠴᠣᠯᠠ᠂ 3316 ᠳᠣᠰᠬᠤᠠ ᠪᠠᠯᠭᠠᠰᠤ ᠳᠤ ᠪᠦᠭᠦ ᠤᠯᠤᠰ ᠤᠨ ᠪᠣᠯᠪᠠᠰᠤᠨ ᠳᠣᠰᠬᠤᠠ ᠤ | ᠴᠣᠯᠠ᠂ 4688 ᠨᠢᠭᠡᠴᠢ ᠳᠤ ᠪᠦᠭᠦ ᠤᠯᠤᠰ ᠤᠨ ᠪᠣᠯᠪᠠᠰᠤᠨ ᠨᠢᠭᠡᠴᠢ ᠶᠢᠨ ᠴᠣᠯᠠ᠂ 798 ᠭᠡᠷ ᠪᠦᠯᠢ ᠳᠤ ᠪᠦᠬᠦ | ᠤᠯᠤᠰ ᠤᠨ ᠪᠣᠯᠪᠠᠰᠤᠨ ᠭᠡᠷ ᠪᠦᠯᠢ ᠶᠢᠨ ᠴᠣᠯᠠ᠂ 890 ᠰᠤᠷᠭᠠᠭᠤᠯᠢ ᠳᠤ ᠪᠦᠭᠦ ᠤᠯᠤᠰ ᠤᠨ ᠪᠣᠯᠪᠠᠰᠤᠨ | ᠰᠤᠷᠭᠠᠭᠤᠯᠢ ᠶᠢᠨ ᠴᠣᠯᠠ᠂ 60 ᠬᠥᠮᠥᠨ ︵ᠳᠤᠭᠤᠶᠢᠯᠠᠩ︶ ᠳᠤ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ | ᠶᠣᠰᠣ ᠮᠣᠷᠠᠯ ᠤᠨ ᠵᠢᠱᠢᠶᠡᠴᠢ ᠶᠢᠨ ᠢᠷᠠᠭᠤ ᠠᠯᠳᠠᠷ᠂ 239 ᠬᠥᠮᠥᠨ ︵ᠳᠤᠭᠤᠶᠢᠯᠠᠩ︶ ᠳᠤ ᠶᠢᠰᠦᠳᠦᠭᠡᠷ | ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠢᠷᠠᠭᠤ ᠠᠯᠳᠠᠷ ᠤᠨ ᠨᠡᠷ᠎ᠡ ᠳᠤᠷᠠᠳᠤᠭᠰᠠᠨ | ᠱᠠᠩᠨᠠᠯ ᠣᠯᠭᠤᠬᠤ ᠪᠠᠷ ᠲᠣᠭᠲᠠᠪᠠ᠃ | ᠥᠪᠥᠷ ᠮᠣᠩᠭᠤᠯ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠲᠡᠭᠦᠰ ᠠᠮᠵᠢᠯᠲᠠ ᠣᠯᠪᠠ᠃ | ᠣᠷᠣᠨ ᠤ ᠲᠥᠪ ᠬᠥᠬᠡᠬᠤᠲᠠ᠂ ᠭᠠᠵᠠᠷ ᠤᠨ ᠲᠠᠰ ᠤᠨ ᠬᠤᠲᠠ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ | ᠵᠡᠷᠭᠡ 3 ᠭᠠᠵᠠᠷ ᠤᠨ ᠲᠠᠰ ᠠᠴᠠ ᠳᠡᠭᠡᠭᠰᠢᠬᠢ ᠬᠤᠲᠠ᠂ ᠲᠦᠮᠡᠳ ᠪᠠᠷᠠᠭᠤᠨ ᠬᠤᠰᠢᠭᠤ᠂ ᠣᠲᠤᠭ ᠬᠤᠰᠢᠭᠤ᠂ | ᠦᠦᠰᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ ᠵᠡᠷᠭᠡ 4 ᠰᠢᠶᠠᠨ ᠤ ᠲᠠᠰ ᠤᠨ ᠬᠤᠲᠠ ᠨᠡᠶᠢᠲᠡ 7 | ᠬᠤᠲᠠ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠶᠢᠨ ᠡᠩᠨᠡᠭᠡᠨ ᠳᠤ ᠣᠷᠣᠪᠠ᠃ | ᠡᠭᠦᠨᠴᠡ ᠮᠠᠨ ᠤ ᠣᠷᠣᠨ ᠤ ᠪᠦᠬᠦ ᠤᠯᠤᠰ ᠤᠨ ᠪᠣᠯᠪᠠᠰᠤᠨ ᠬᠤᠲᠠ ᠶᠢᠨ ᠨᠡᠶᠢᠲᠡ ᠲᠤᠭ᠎ᠠ 14 ᠬᠦᠷᠴᠦ᠂ | ᠡᠭᠦᠨ ᠳᠤ ᠭᠠᠵᠠᠷ ᠤᠨ ᠳᠡᠰ ᠠᠴᠠ ᠳᠡᠭᠡᠭᠰᠢᠬᠢ ᠬᠤᠲᠠ 6᠂ ᠰᠢᠶᠠᠨ ᠤ ᠲᠠᠰ ᠤᠨ ᠬᠤᠲᠠ 8 ᠪᠣᠯᠪᠠ᠃ | ᠡᠭᠦᠨ ᠠᠴᠠ ᠭᠠᠳᠠᠨ᠎ᠠ᠂ ᠡᠨᠡ ᠤᠳᠠᠭ᠎ᠠ ᠮᠠᠨ ᠤ ᠣᠷᠣᠨ ᠤ ᠪᠠᠰᠠ 74 ᠲᠣᠰᠬᠤᠨ ᠪᠠᠯᠭᠠᠰᠤ᠂ 112 | ᠨᠢᠭᠡᠴᠢ᠂ 19 ᠭᠡᠷ ᠪᠦᠯᠢ᠂ 21 ᠰᠤᠷᠭᠠᠭᠤᠯᠢ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ | ᠨᠢᠭᠡᠴᠢ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠪᠠᠷ ᠦᠨᠡᠯᠡᠭᠳᠡᠪᠡ᠃ ᠣᠳᠣ ᠪᠣᠯᠲᠠᠯ᠎ᠠ᠂ ᠪᠦᠬᠦ | ᠣᠷᠣᠨ ᠳᠤ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ 206᠂ ᠪᠦᠬᠦ ᠤᠯᠤᠰ ᠤᠨ ᠪᠣᠯᠪᠠᠰᠤᠨ ᠨᠢᠭᠡᠴᠢ | 318᠂ ᠪᠦᠬᠦ ᠤᠯᠤᠰ ᠤᠨ ᠪᠣᠯᠪᠠᠰᠤᠨ ᠭᠡᠷ ᠪᠦᠯᠢ 33᠂ ᠪᠦᠬᠦ ᠤᠯᠤᠰ ᠤᠨ ᠪᠣᠯᠪᠠᠰᠤᠨ ᠰᠤᠷᠭᠠᠭᠤᠯᠢ | 38ᠪᠤᠶ᠃ | ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠲᠠᠯ᠎ᠠ ᠪᠠᠷ᠂ ᠮᠠᠨ ᠤ ᠣᠷᠣᠨ ᠤ ᠸᠠᠩ ᠠᠢ ᠯᠢᠨ᠂ | ᠪᠠᠭᠠᠲᠤᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢᠨ ᠢᠷᠠᠭᠤ ᠠᠯᠳᠠᠷ ᠤᠨ | ᠴᠣᠯᠠ ᠶᠢ ᠬᠦᠷᠲᠡᠵᠦ᠂ ᠸᠧᠢ ᠮᠢᠩ᠂ ᠯᠢ ᠷᠦᠩ ᠲᠢᠩ᠂ ᠭᠤᠤ ᠰᠢᠤᠸᠠᠢ᠂ ᠨᠢᠮ᠎ᠠ᠂ ᠳ᠋ᠦᠩ ᠬᠤᠩ ᠷᠦ᠂ ᠭᠤᠸᠠᠨ | ᠬᠤᠢ ᠮᠢᠩ᠂ ᠯᠢᠦ ᠬᠠᠢ ᠶᠠᠩ᠂ ᠵᠠᠩ ᠴᠦᠨ ᠮᠧᠢ ᠵᠡᠷᠭᠡ 8 ᠬᠥᠮᠥᠨ ᠪᠦᠬᠦ ᠤᠯᠤᠰ ᠤᠨ ᠶᠣᠰᠣ ᠮᠣᠷᠠᠯ ᠤᠨ | ᠵᠢᠱᠢᠶᠡᠴᠢ ᠶᠢᠨ ᠨᠡᠷ᠎ᠡ ᠳᠤᠷᠠᠳᠤᠭᠰᠠᠨ ᠱᠠᠩᠨᠠᠯ ᠢ ᠬᠦᠷᠲᠡᠪᠡ᠃ | |