ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ | ᠢᠶᠠᠷ᠂ ᠮᠠᠨ ᠤ ᠣᠷᠣᠨ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠠᠭᠡᠭᠰᠢᠯᠡᠭᠦᠯᠭᠦ ᠠᠵᠢᠯᠯᠠᠭ᠎ᠠ︾ ᠪᠠᠷ | ᠭᠠᠷᠳᠠᠴᠠ ᠪᠣᠯᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠬᠠᠭᠤᠴᠢ ᠰᠤᠳᠤᠯᠤᠯ | ᠤᠨ ᠲᠦᠪᠰᠢᠨ ᠢ ᠴᠢᠨᠠᠭᠰᠢᠳᠠ ᠲᠠᠭᠡᠭᠰᠢᠯᠡᠭᠦᠯᠭᠦ ᠪᠠᠷ ᠡᠨᠡ ᠵᠢᠯ ᠤᠨ ᠡᠳ᠋ ᠤᠨ ᠵᠠᠰᠠᠭ ᠤᠨ ᠲᠥᠰᠥᠪ ᠲᠡᠭᠡᠨ ᠲᠡᠦᠬᠡ | ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠪᠡᠯᠡ ᠮᠥᠩᠭᠦ ᠶᠢ ᠳ᠋ᠦᠩᠰᠢᠭᠤᠷ ᠲᠥᠭᠦᠷᠢᠭ ᠲᠣᠬᠢᠷᠠᠭᠤᠯᠵᠤ᠂ | ᠨᠢᠳᠤᠨᠤᠨ ᠤ ᠬᠢ ᠠᠴᠠ 157% ᠪᠠᠷ ᠨᠡᠮᠡᠭᠳᠡᠵᠦ᠂ ᠣᠳᠣᠬᠠᠨ ᠳᠤ ᠡᠨᠡ ᠬᠦ ᠲᠤᠰᠬᠠᠢ ᠪᠡᠯᠡ ᠮᠥᠩᠭᠦ ᠶᠢ | ᠨᠢᠭᠡᠨᠲᠡ ᠪᠦᠭᠦᠨ ᠢ ᠪᠠᠭᠤᠯᠭᠠᠪᠠ᠃ | ᠮᠠᠨ ᠤ ᠣᠷᠣᠨ ᠡᠨᠡ ᠬᠦ ᠲᠤᠰᠬᠠᠢ ᠪᠡᠯᠡ ᠮᠥᠩᠭᠦ ᠪᠠᠷ ᠲᠦᠮᠡᠨ ᠭᠠᠵᠠᠷ ᠤᠨ ᠴᠠᠢ ᠶᠢᠨ ᠵᠠᠮ ᠢ ᠪᠣᠳᠠᠰ ᠤᠨ | ᠪᠤᠰᠤ ᠰᠣᠶᠣᠯ ᠤᠨ ᠥᠪ ᠢᠶᠠᠷ ᠪᠦᠷᠢᠳᠬᠡᠭᠦᠯᠬᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠭᠤᠴᠢ ᠰᠤᠳᠤᠯᠤᠯ ᠤᠨ ᠪᠠᠶᠢᠴᠠᠭᠠᠯᠲᠠ ᠬᠢᠬᠦ᠂ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠲᠣᠭᠤᠷᠢᠨ | ᠪᠠᠶᠢᠴᠠᠭᠠᠯᠲᠠ ᠬᠢᠬᠦ᠂ ᠶᠤᠸᠠᠨ ᠤ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ ᠢ ᠲᠥᠯᠥᠪᠵᠢᠭᠦᠯᠬᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠲᠣᠭᠠᠴᠢᠯᠠᠨ ᠬᠠᠮᠠᠭᠠᠯᠠᠬᠤ᠂ | ᠬᠤᠩᠱᠠᠨ ᠰᠣᠶᠣᠯ ᠤᠨ ᠪᠠᠭᠤᠷᠢ ᠶᠢᠨ ᠪᠦᠯᠦᠭᠵᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ | ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ︽ᠨᠢᠭᠡ ᠲᠡᠦᠬᠡ ᠶᠢᠨ ᠳᠤᠷᠠᠰᠬᠠᠯᠲᠤ ᠵᠦᠢᠯᠡᠰ ᠲᠤ ᠨᠢᠭᠡ | ᠠᠷᠭ᠎ᠠ ᠪᠣᠳᠣᠯᠭ᠎ᠠ ᠠᠪᠬᠤ︾ ᠬᠠᠮᠠᠭᠠᠯᠠᠯᠲᠠ ᠶᠢᠨ ᠠᠵᠢᠯ ᠤᠨ ᠲᠥᠰᠥᠯ ᠵᠢᠴᠢ ᠬᠥᠰᠢᠶ᠎ᠡ ᠲᠡᠮᠳᠡᠭ ︵ᠬᠢᠯᠢ ᠶᠢᠨ | ᠬᠥᠰᠢᠶ᠎ᠡ︶ ᠤᠨ ᠪᠠᠶᠢᠭᠤᠯᠤᠯᠲᠠ᠂ ᠲᠤᠮᠳᠠᠳᠦ ᠳᠣᠷᠣᠨᠠᠲᠤ ᠶᠢᠨ ᠲᠡᠮᠦᠷ ᠵᠠᠮ ᠤᠨ ᠪᠠᠷᠢᠯᠭ᠎ᠠ ᠶᠢᠨ ᠪᠦᠯᠦᠭᠵᠢᠯ ︵ | ᠥᠪᠥᠷ ᠮᠣᠩᠭᠤᠯ ᠤᠨ ᠬᠡᠰᠡᠭ︶ ᠤᠨ ᠶᠡᠷᠦᠩᠬᠡᠢ ᠬᠠᠮᠠᠭᠠᠯᠠᠯᠲᠠ ᠶᠢᠨ ᠲᠥᠯᠦᠪᠵᠢᠭᠦᠯᠭᠡ ᠵᠡᠷᠭᠡ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠬᠦ ᠪᠣᠯᠣᠨ᠎ᠠ᠃ | ᠣᠶᠢᠯᠠᠭᠠᠭᠰᠠᠨ ᠢᠶᠠᠷ᠂ ᠲᠦᠮᠡᠨ ᠭᠠᠵᠠᠷ ᠤᠨ ᠴᠠᠢ ᠶᠢᠨ ᠵᠠᠮ ᠪᠣᠯ ᠡᠷᠲᠡᠨ ᠤ ᠳᠤᠮᠳᠠᠳᠤ ᠤᠯᠤᠰ᠂ ᠮᠣᠩᠭᠤᠯ | ᠤᠯᠤᠰ ᠪᠠ ᠣᠷᠣᠰ ᠤᠨ ᠬᠤᠭᠤᠷᠣᠨᠳᠣᠭᠢ ᠴᠠᠢ ᠪᠠᠷ ᠭᠤᠣᠯ ᠲᠠᠸᠠᠷ ᠪᠤᠯᠭᠠᠬᠰᠠᠨ ᠠᠯᠤᠰ ᠵᠠᠢ ᠶᠢᠨ ᠠᠷᠠᠯᠵᠢᠶᠠᠨ ᠤ | ᠵᠠᠮ ᠱᠤᠭᠤᠮ ᠪᠠᠶᠢᠵᠤ᠂ ᠲᠣᠷᠭᠠᠨ ᠵᠠᠮ ᠤᠷᠤᠭᠤᠳᠠᠭᠰᠠᠨ ᠤ ᠳᠠᠷᠠᠭᠠᠬᠢ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ | ᠳᠤ ᠡᠭᠦᠰᠦᠭᠰᠡᠨ ᠪᠠᠰᠠ ᠨᠢᠭᠡᠨ ᠴᠢᠬᠤᠯᠠ ᠣᠯᠠᠨ ᠤᠯᠤᠰ ᠤᠨ ᠬᠤᠳᠠᠯᠳᠤᠭᠠᠨ ᠤ ᠵᠠᠮ ᠪᠣᠯᠣᠨ᠎ᠠ᠃ ᠲᠦᠮᠡᠨ ᠭᠠᠵᠠᠷ | ᠤᠨ ᠴᠠᠢ ᠶᠢᠨ ᠵᠠᠮ ᠨᠢ ᠳᠤᠮᠳᠠᠳᠤ ᠤᠯᠤᠰ ᠤᠨ ᠹᠦᠵᠢᠶᠠᠨ ᠤ ᠴᠥᠩ ᠠᠨ ︵ᠣᠲᠣ ᠶᠢᠨ ᠦ᠋ ᠢ ᠱᠠᠨ ᠬᠤᠲᠠ︶ | ᠠᠴᠠ ᠡᠬᠢᠯᠡᠨ ᠥᠪᠥᠷ ᠮᠣᠩᠭᠤᠯ᠂ ᠬᠦᠷᠢᠶ᠎ᠡ ︵ᠣᠲᠣ ᠶᠢᠨ ᠤᠯᠠᠭᠠᠨᠪᠠᠭᠠᠲᠤᠷ︶ ᠪᠠᠷ ᠳᠡᠮᠵᠢᠨ ᠬᠢᠶᠠᠭᠲᠤ ᠬᠦᠷᠴᠦ᠂ | ᠪᠦᠭᠦ ᠵᠠᠮ ᠨᠢ ᠪᠠᠷᠤᠭ 4760 ᠺᠢᠯᠣᠮᠧᠲᠷ ᠪᠠᠶᠢᠵᠤ᠂ ᠲᠠᠷᠢᠶᠠᠯᠠᠩ ᠤᠨ ᠪᠣᠯᠪᠠᠰᠤᠨ ᠪᠠ ᠲᠠᠯ᠎ᠠ ᠨᠤᠲᠤᠭ ᠤᠨ | ᠨᠡᠭᠦᠳᠡᠯ ᠮᠠᠯᠵᠢᠯ ᠤᠨ ᠪᠣᠯᠪᠠᠰᠤᠨ ᠤ ᠭᠤᠣᠯ ᠣᠷᠣᠨ ᠪᠦᠰᠡ ᠶᠢ ᠨᠡᠪᠲᠡᠷᠡᠭᠦᠯᠵᠡᠢ᠃ ᠶᠤᠸᠠᠨ ᠤ ᠳᠡᠭᠡᠳᠦ ᠨᠡᠶᠢᠰᠯᠡᠯ | ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠠ | ᠬᠠᠮᠠᠭᠠᠯᠠᠯᠲᠠ ᠳᠤ ᠮᠢᠩ ᠳ᠋ᠧ ᠮᠧᠨ᠂ ᠢᠦᠢ ᠲᠢᠶᠠᠨ ᠮᠧᠨ᠂ ᠮᠦ ᠴᠢᠩ ᠭᠧ ᠶᠢᠨ ᠪᠠᠭᠤᠷᠢ ᠶᠢᠨ ᠪᠠᠷᠢᠯᠭ᠎ᠠ ᠶᠢᠨ | ᠦᠯᠡᠳᠡᠭᠳᠡᠯ ᠢ ᠬᠠᠮᠠᠭᠠᠯᠠᠬᠤ ᠪᠣᠯᠣᠳ ᠰᠢᠯ ᠪᠣᠯᠣᠨ ᠮᠣᠳᠣᠨ ᠬᠡᠷᠡᠰᠬᠡ ᠤᠭᠰᠠᠷᠠᠬᠤ ᠢᠨᠵᠧᠨᠧᠷᠢᠩ ᠢ ᠪᠡᠶᠡᠯᠡᠭᠦᠯᠵᠦ᠂ | ᠪᠠᠭᠤᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ | ᠠᠰᠢᠭᠯᠠᠯᠲᠠ ᠳᠤ ᠣᠷᠣᠭᠤᠯᠤᠨ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠳᠤᠮᠳᠠᠳᠤ ᠤᠯᠤᠰ ᠤᠨ ᠳᠡᠯᠡᠬᠡᠢ ᠶᠢᠨ | ᠰᠣᠶᠣᠯ ᠤᠨ ᠥᠪ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠲᠠᠪᠴᠠᠩ ᠲᠠᠢ ᠵᠡᠷᠭᠡ ᠪᠠᠷ ᠶᠠᠪᠤᠭᠳᠠᠭᠤᠯᠵᠤ᠂ | ᠲᠣᠭᠠᠴᠢᠯᠠᠭᠰᠠᠨ ᠬᠢᠨᠠᠨ ᠬᠡᠮᠵᠢᠯᠲᠡ ᠶᠢᠨ ᠪᠦᠷᠢᠨ ᠪᠦᠲᠦᠨ ᠬᠡᠯᠬᠢᠶ᠎ᠡ ᠶᠢ ᠪᠦᠷᠢᠯᠳᠦᠭᠦᠯᠦᠨ᠂ ᠣᠲᠣ ᠦᠶ᠎ᠡ ᠶᠢᠨ | ᠮᠡᠷᠭᠡᠵᠢᠯ ᠬᠢᠭᠡᠳ ᠤᠯᠠᠮᠵᠢᠯᠠᠯᠲᠤ ᠤᠷᠠᠯᠢᠭ ᠢ ᠬᠠᠷᠢᠯᠴᠠᠨ ᠤᠶᠠᠯᠳᠤᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ | ᠤᠨ ᠬᠠᠮᠠᠭᠠᠯᠠᠯᠲᠠ ᠶᠢᠨ ᠨᠢᠭᠡᠴᠢ ᠶᠢᠨ ᠦᠨ᠎ᠡ ᠥᠷᠲᠡᠭ ᠵᠢᠴᠢ ᠠᠭᠤᠯᠭ᠎ᠠ ᠶᠢ ᠳᠠᠭᠢᠨ ᠢᠯᠡᠷᠡᠭᠦᠯᠬᠦ ᠪᠣᠯᠣᠨ᠎ᠠ᠃ | ᠲᠤᠮᠳᠠᠳᠦ ᠳᠣᠷᠣᠨᠠᠲᠤ ᠶᠢᠨ ᠲᠡᠮᠦᠷ ᠵᠠᠮ ᠤᠨ ᠪᠠᠷᠢᠯᠭ᠎ᠠ ᠶᠢᠨ ᠪᠦᠯᠦᠭᠵᠢᠯ ︵ᠥᠪᠥᠷ ᠮᠣᠩᠭᠤᠯ ᠤᠨ ᠬᠡᠰᠡᠭ︶ ᠨᠢ | ᠭᠤᠣᠯᠳᠠᠭᠤ ᠬᠥᠯᠥᠨ ᠪᠤᠶᠢᠷ ᠬᠤᠲᠠ ᠶᠢᠨ ᠬᠡᠪᠴᠢᠶᠡᠨ ᠳᠤ ᠲᠠᠷᠬᠠᠵᠤ ᠪᠤᠢ᠃ ᠲᠡᠷᠡ ᠪᠣᠯ ᠳᠤᠮᠳᠠᠳᠤ ᠤᠯᠤᠰ ᠤᠨ | 20 ᠳ᠋ᠤᠭᠠᠷ ᠵᠠᠭᠤᠨ ᠤ ᠡᠬᠢᠨ ᠤ ᠦᠶ᠎ᠡ ᠶᠢᠨ ᠠᠵᠤ ᠦᠢᠯᠡᠳᠪᠦᠷᠢᠵᠢᠯᠲᠡ ᠪᠣᠯᠣᠨ ᠣᠷᠴᠢᠨ ᠦᠶ᠎ᠡ ᠶᠢᠨ ᠠᠬᠢᠴᠠ | ᠶᠢᠨ ᠪᠣᠳᠠᠲᠤ ᠪᠣᠳᠠᠰ ᠤᠨ ᠵᠢᠱᠢᠶ᠎ᠡ ᠮᠥᠨ᠃ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡᠨ ᠳᠡᠭᠡᠷᠡᠬᠢ | ᠴᠢᠬᠤᠯᠠ ᠬᠡᠷᠡᠭ ᠶᠠᠪᠤᠳᠠᠯ ᠪᠠ ᠲᠡᠦᠬᠡ ᠶᠢᠨ ᠬᠤᠪᠢᠷᠠᠯᠲᠠ ᠶᠢ ᠭᠡᠷᠡᠴᠢᠯᠡᠵᠦ᠂ ᠳᠤᠮᠳᠠᠳᠤ ᠤᠷᠤᠰ ᠬᠤᠶᠠᠷ ᠤᠯᠤᠰ | ᠤᠨ ᠪᠠᠷᠢᠯᠭ᠎ᠠ ᠶᠢᠨ ᠰᠣᠶᠣᠯ᠂ ᠤᠷᠠᠯᠢᠭ ᠤᠨ ᠬᠡᠪ ᠨᠠᠮᠪᠠ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ | ᠠᠭᠤᠰᠤᠯᠴᠠᠭᠤᠯᠤᠭᠰᠠᠨ ᠥᠪᠡᠷᠮᠢᠴᠡ ᠰᠣᠶᠣᠯ ᠤᠨ ᠦᠨ᠎ᠡ ᠦᠷᠳᠡᠭ ᠲᠠᠢ ᠶᠤᠮ᠃ | |