ᠰᠤᠷᠪᠤᠯᠵᠢᠯᠠᠬᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ︽ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2024 — | 2035 ᠣᠨ︶︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠪᠦᠯᠦᠭ ᠰᠢᠶᠠᠨ ᠤ ᠬᠡᠪᠴᠢᠶᠡᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠭᠠᠭᠤᠯᠤᠭᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠴᠢᠳᠠᠪᠤᠷᠢᠲᠠᠨ ᠢ ᠬᠥᠮᠥᠵᠢᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠣᠶᠢᠷ᠎ᠠ ᠳᠤ | ︽ᠪᠦᠭᠦ ᠤᠯᠤᠰ ᠤᠨ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠬᠤᠰᠢᠭᠤᠴᠢ ᠪᠠᠭᠰᠢ ᠶᠢᠨ ᠠᠵᠢᠯ ᠤᠨ ᠪᠠᠶᠢᠷᠢ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠪᠠ᠃ | ᠮᠡᠳᠡᠭᠳᠡᠯ ᠳᠤ᠂ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠬᠤᠰᠢᠭᠤᠴᠢ ᠪᠠᠭᠰᠢ ᠶᠢᠨ ᠠᠵᠢᠯ ᠤᠨ ᠪᠠᠶᠢᠷᠢ ᠲᠣᠬᠢᠷᠠᠭᠤᠯᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠥᠨᠳᠥᠷ᠂ | ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠰᠠᠶᠢᠨ᠂ ᠬᠥᠮᠥᠨ ᠬᠥᠮᠥᠵᠢᠭᠦᠯᠬᠦ ᠲᠦᠪᠰᠢᠨ ᠥᠨᠳᠥᠷ᠂ ᠵᠣᠬᠢᠶᠠᠨ | ᠪᠠᠶᠢᠭᠤᠯᠵᠤ ᠵᠣᠬᠢᠴᠠᠭᠤᠯᠬᠤ ᠴᠢᠳᠠᠪᠤᠷᠢ ᠲᠣᠪᠣᠶᠢᠮ᠎ᠠ ᠰᠢᠶᠠᠨ ᠤ ᠳᠣᠲᠣᠷᠠᠬᠢ ᠰᠢᠯᠢᠳᠡᠭ ᠪᠠᠭᠰᠢ ᠪᠠᠷ ᠡᠭᠦᠷᠭᠡᠯᠡᠭᠦᠯᠵᠦ᠂ | ᠲᠡᠳᠡᠨ ᠤ ᠠᠵᠢᠯᠯᠠᠬᠤ ᠲᠠᠰᠤᠭ ᠪᠠᠶᠢᠭᠤᠯᠵᠤ᠂ ᠰᠣᠯᠢᠯᠴᠠᠭ᠎ᠠ ᠬᠢᠵᠦ ᠦᠰᠦᠨ ᠪᠣᠶᠢᠵᠢᠬᠤ ᠲᠠᠪᠴᠠᠩ ᠪᠠᠶᠢᠭᠤᠯᠵᠤ᠂ | ᠰᠢᠶᠠᠨ ᠤ ᠬᠡᠪᠴᠢᠶᠡᠨ ᠳᠠᠬᠢ ᠲᠤᠰᠬᠠᠢ ᠮᠡᠷᠭᠡᠵᠢᠯ ᠢ ᠬᠥᠭᠵᠢᠭᠦᠯᠬᠦ ᠬᠠᠮᠲᠤ ᠶᠢᠨ ᠴᠣᠭᠴᠠ ᠶᠢ ᠪᠠᠶᠢᠭᠤᠯᠵᠤ᠂ ᠵᠣᠬᠢᠶᠠᠨ | ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠰᠤᠷᠭᠠᠨ ᠬᠥᠮᠦᠵᠢᠯ ᠤᠨ | ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠵᠢᠭᠠᠨ ᠰᠤᠷᠭᠠᠬᠤ ᠠᠷᠭ᠎ᠠ ᠶᠢ ᠰᠤᠳᠤᠯᠵᠤ᠂ ᠰᠢᠶᠠᠨ ᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠠᠶᠢᠴᠢᠯᠠᠬᠤ ᠶᠢ ᠳᠡᠮᠵᠢᠨ᠎ᠡ᠃ | ᠬᠤᠰᠢᠭᠤᠴᠢ ᠪᠠᠭᠰᠢ ᠶᠢᠨ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠬᠤᠭᠤᠴᠠᠭᠠᠨ ᠤ ᠬᠠᠮᠢᠶᠠᠷᠤᠯᠲᠠ ᠶᠢ | ᠬᠡᠷᠡᠭᠵᠢᠭᠦᠯᠬᠦ ᠪᠠᠷ ᠲᠥᠯᠥᠪᠯᠡᠵᠦ᠂ ᠪᠦᠯᠦᠭ ᠪᠦᠷᠢ ᠶᠢᠨ ᠤᠷᠢᠵᠤ ᠬᠡᠷᠡᠭᠯᠡᠬᠦ ᠬᠤᠭᠤᠴᠠᠭ᠎ᠠ ᠨᠢ 3 ᠵᠢᠯ᠂ ᠲᠦᠷᠦᠭᠦᠦ | ᠪᠦᠯᠦᠭ ᠲᠤ 600 ᠬᠥᠮᠥᠨ ᠡᠯᠰᠡᠨ᠎ᠡ ᠭᠡᠵᠦ ᠵᠢᠭᠠᠵᠤ ᠭᠠᠷᠭᠠᠵᠠᠢ᠃ | ᠮᠡᠳᠡᠭᠳᠡᠯ ᠢ ᠦᠨᠳᠦᠰᠦᠯᠡᠪᠡᠯ᠂ ᠰᠤᠷᠭᠠᠨ ᠬᠥᠮᠦᠵᠢᠯ ᠤᠨ ᠶᠠᠮᠤᠨ ᠠᠴᠠ ᠬᠤᠯᠪᠣᠭᠳᠠᠯ ᠪᠦᠬᠦᠢ ᠲᠠᠯ᠎ᠠ ᠶᠢᠨ | ᠬᠢᠨ ᠢ ᠵᠣᠬᠢᠴᠠᠭᠤᠯᠵᠤ ᠠᠵᠢᠯᠯᠠᠬᠤ ᠲᠠᠰᠤᠭ ᠲᠤ ︽ᠢᠵᠢᠯᠢ ᠠᠯᠬᠤᠮᠲᠤ ᠬᠢᠴᠢᠶᠡᠯ ᠤᠨ ᠲᠠᠩᠬᠢᠮ︾ ᠤᠨ ᠲᠠᠭᠤ | ᠳᠦᠷᠰᠦ ᠰᠢᠩᠭᠡᠭᠡᠯᠲᠡ ᠶᠢᠨ ᠲᠥᠬᠦᠭᠡᠷᠦᠮᠵᠢ ᠬᠠᠩᠭᠠᠬᠤ ᠶᠢᠨ ᠬᠠᠮᠲᠤ ᠳᠤᠮᠳᠠ ᠪᠠᠷᠠᠭᠤᠨ ᠣᠷᠣᠨ ︵ᠵᠡᠭᠦᠨ ᠬᠤᠶᠢᠲᠤ | ᠣᠷᠣᠨ ᠢ ᠪᠠᠭᠲᠠᠭᠠᠨ᠎ᠠ︶ ᠤ ᠠᠵᠢᠯᠯᠠᠬᠤ ᠲᠠᠰᠤᠭ ᠲᠤ ᠵᠠᠷᠤᠳᠠᠯ ᠤᠨ ᠳᠡᠮᠵᠢᠯᠭᠡ ᠦᠵᠡᠭᠦᠯᠵᠦ᠂ ᠦᠷ᠎ᠡ | ᠪᠦᠲᠦᠮᠵᠢ ᠪᠠᠷ ᠲᠣᠪᠣᠶᠢᠮ᠎ᠠ ᠮᠤᠵᠢ ᠣᠷᠣᠨ ᠨᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠴᠢᠬᠤᠯᠠ ᠶᠡᠭᠡ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠠᠷᠠᠭᠠᠯᠵᠠᠯ ᠦᠵᠡᠭᠦᠯᠵᠦ᠂ ᠬᠤᠰᠢᠭᠤᠴᠢ ᠪᠠᠭᠰᠢ ᠶᠢ ᠳᠡᠮᠵᠢᠬᠦ ᠶᠡᠭᠡ ᠳᠡᠭᠡᠳᠦ ᠰᠤᠷᠭᠠᠭᠤᠯᠢ ᠪᠠ | ᠬᠤᠪᠢ ᠬᠥᠮᠥᠨ ᠵᠢᠴᠢ ᠬᠤᠰᠢᠭᠤᠴᠢ ᠪᠠᠭᠰᠢ ᠶᠢᠨ ᠲᠣᠰ ᠪᠡᠶ᠎ᠡ ᠳᠤᠨᠢ ᠬᠤᠯᠪᠣᠭᠳᠠᠯ ᠪᠦᠬᠦᠢ ᠬᠠᠷᠠᠭᠠᠯᠵᠠᠯ | ᠬᠦᠷᠲᠡᠭᠡᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠢᠶᠠᠨ ᠤ ᠬᠡᠪᠴᠢᠶᠡᠨ ᠤ ᠥᠨᠳᠥᠷ ᠵᠡᠷᠭᠡ ᠶᠢᠨ | ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠳᠠᠪᠤᠷᠢᠲᠠᠨ ᠤ ᠬᠦᠴᠦᠲᠡᠢ ᠲᠤᠯᠭᠠᠭᠤᠷᠢᠯᠠᠯ ᠪᠠ ᠦᠨᠳᠦᠰᠦᠨ ᠪᠠᠲᠤᠯᠠᠭ᠎ᠠ ᠬᠠᠩᠭᠠᠨ᠎ᠠ᠃ | ︵ᠰᠢᠨᠬᠤᠸᠠ ᠬᠤᠷᠢᠶ᠎ᠠ ᠶᠢᠨ ᠴᠠᠭᠢᠯᠭᠠᠨ ᠮᠡᠳᠡᠭᠡ︶ | |