ᠰᠢ ᠶᠢᠨ ᠫᠢᠩ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠴᠢᠬᠤᠯᠠᠴᠢᠯᠠᠭᠰᠠᠨ ᠨᠢ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠡᠵᠡᠮᠳᠡᠵᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ
ᠨᠡᠶᠢᠲᠡᠯᠡᠭᠰᠡᠨ ᠴᠠᠭ᠄
2025/5/6
  ᠯᠢ ᠴᠢᠶᠠᠩ  ᠼᠠᠢ ᠴᠢ ᠬᠤᠷᠠᠯ ᠳᠤ ᠣᠷᠣᠯᠴᠠᠪᠠ  ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ  ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠱᠠᠩᠬᠠᠢ ᠳᠤ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠡᠵᠡᠮᠳᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ ᠲᠥᠯᠥᠪᠯᠡᠬᠦ ᠬᠡᠷᠡᠭᠲᠡᠢ ᠭᠡᠵᠦ ᠴᠢᠬᠤᠯᠠᠴᠢᠯᠠᠪᠠ᠃
十五五.jpg
  4 ᠰᠠᠷ᠎ᠠ ᠶᠢᠨ 30 ᠤ ᠦᠳᠡ ᠶᠢᠨ ᠡᠮᠦᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠰᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃  ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ   ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠵᠢ ᠰᠦᠨ ᠱᠤᠤ ᠴᠧᠩ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠢ ᠨᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤ᠋ ᠴᠠᠩ ᠱᠧᠩ ᠤᠷᠢᠳ ᠬᠤᠵᠢᠳ ᠦᠭᠡ ᠬᠡᠯᠡᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃  ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ ᠪᠣᠯᠬᠤ ᠪᠥᠭᠡᠳ ᠲᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠬᠠᠭᠠᠯᠠᠨ ᠲᠥᠯᠥᠪᠯᠡᠬᠦ ᠳᠤ ᠡᠷᠬᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠳᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠬᠦᠷᠢᠶ᠎ᠡ ᠴᠠᠷᠠᠭ᠎ᠠ ᠳᠠᠷᠠᠭᠠᠯᠠᠨ ᠬᠠᠷᠠᠯᠲᠠ ᠡᠭᠦᠷᠭᠡ ᠶᠢ ᠵᠦᠢ ᠵᠣᠬᠢᠰᠲᠠᠢ ᠲᠣᠭᠲᠠᠭᠠᠵᠤ᠂ ᠰᠡᠳᠬᠢᠮᠵᠢ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠡᠯ᠎ᠡ ᠲᠠᠯ᠎ᠠ ᠶᠢᠨ ᠬᠠᠷᠠᠯᠲᠠ ᠡᠭᠦᠷᠭᠡ ᠶᠢ ᠭᠦᠨᠵᠡᠭᠡᠢ ᠵᠠᠳᠠᠯᠤᠨ ᠨᠤᠲᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠲᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠵᠠᠩᠭᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠡᠷᠴᠢᠮ ᠪᠣᠯᠣᠨ ᠠᠬᠢᠴᠠ ᠶᠢ ᠰᠠᠶᠢᠲᠤᠷ ᠡᠵᠡᠮᠳᠡᠵᠦ᠂ ᠳᠠᠪᠠᠭᠤᠯᠢᠭ ᠢᠶᠠᠨ ᠪᠠᠬᠢᠵᠢᠭᠦᠯᠦᠨ ᠥᠷᠭᠡᠳᠬᠡᠬᠦ᠂ ᠪᠣᠭᠤᠮᠢ ᠲᠦᠭᠵᠢᠷᠡᠯ ᠢ ᠰᠢᠪᠲᠤᠯᠬᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠠᠴᠢᠯᠠᠵᠤ᠂ ᠪᠦᠬᠦᠯᠢ ᠴᠣᠭᠴᠠ ᠶᠢᠨ ᠬᠠᠷᠠᠯᠲᠠ ᠶᠢᠨ ᠴᠢᠭᠯᠡᠯ ᠲᠠᠢ ᠨᠢᠭᠡᠳᠦᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃  ᠰᠢ ᠶᠢᠨ ᠫᠢᠩ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠳ ᠬᠥᠭᠵᠢᠯᠲᠡ ᠶᠢ ᠲᠥᠯᠥᠪᠵᠢᠭᠦᠯᠬᠦ ᠳᠤ᠂ ᠳᠡᠯᠡᠬᠡᠢ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠠᠴᠠ ᠮᠠᠨ ᠤ ᠤᠯᠤᠰ ᠲᠤ ᠦᠵᠡᠭᠦᠯᠭᠦ ᠨᠥᠯᠥᠭᠡ ᠶᠢ ᠪᠠᠷᠡᠯᠡᠯᠲᠤ ᠴᠢᠨᠠᠷᠲᠠᠢ ᠪᠠᠷ ᠡᠵᠡᠮᠳᠡᠵᠦ᠂ ᠬᠠᠨᠳᠤᠰᠢ ᠶᠢ ᠦᠨᠳᠦᠰᠦᠯᠡᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠡᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠪᠦᠲᠦᠮᠵᠢᠲᠠᠢ ᠲᠣᠭᠲᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠨᠡᠩ ᠴᠢᠬᠤᠯᠠᠴᠢᠯᠠᠵᠤ᠂ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠬᠦ ᠲᠠᠯ᠎ᠠ ᠪᠠᠷ ᠪᠣᠳᠣᠯᠬᠢᠯᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠥᠨᠳᠥᠷ ᠪᠦᠳᠦᠮᠵᠢᠲᠡᠢ ᠵᠠᠰᠠᠯᠲᠠ ᠪᠠᠷ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃  ᠰᠢ ᠶᠢᠨ ᠫᠢᠩ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠨᠡᠩ ᠲᠣᠪᠣᠶᠢᠮ᠎ᠠ ᠪᠠᠶᠢᠯᠳᠤᠬᠤ ᠪᠣᠳᠣᠯᠭ᠎ᠠ ᠶᠢᠨ ᠪᠠᠶᠢᠷᠢᠨ  ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ  ᠪᠠᠷ ᠵᠢᠯᠣᠭᠤᠳᠤᠮᠵᠢ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠬᠡᠨ ᠪᠠᠶᠢᠭᠤᠯᠬᠤ ᠬᠡᠷᠡᠭᠲᠡᠢ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ ᠤᠤᠭᠠᠯ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠤᠯᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃  ᠰᠢ ᠶᠢᠨ ᠫᠢᠩ᠂ ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠬᠦ ᠳᠤ ᠤᠭ ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠦᠨ ᠦᠷᠳᠡᠭ ᠤᠳ ᠬᠠᠨᠳᠤᠰᠢ ᠪᠣᠯᠭᠠᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠬᠤᠳᠠ ᠬᠥᠳᠡᠭᠡ ᠶᠢᠨ ᠤᠯᠠᠨ ᠲᠦᠮᠡᠨ ᠤ ᠤᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠨᠢᠭᠡ ᠪᠦᠯᠦᠭ ᠲᠡᠩᠴᠡᠭᠦᠷᠢᠲᠦ ᠴᠢᠨᠠᠷ ᠪᠣᠯᠣᠮᠵᠢᠲᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠤᠴᠢᠷ ᠶᠠᠪᠤᠳᠠᠯ ᠤᠨ ᠵᠠᠩᠭᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠦᠨᠡᠨ ᠪᠣᠳᠠᠲᠠᠢ᠂ ᠪᠣᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ‌‍ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠦ᠂ ᠲᠥᠯᠦᠪᠵᠢᠭᠦᠯᠭᠡ ᠶᠢ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠡᠳᠬᠢᠮᠵᠢ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠬᠦ ᠶᠢ ᠴᠢᠬᠤᠯᠠᠴᠢᠯᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃  ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠤᠵᠢ ᠣᠷᠣᠨ ᠬᠤᠳᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1