4 ᠰᠠᠷ᠎ᠠ ᠶᠢᠨ 22 ᠤᠨ ᠡᠳᠤᠷ᠂ ᠬᠥᠬᠡᠬᠤᠲᠠ ᠶᠢᠨ ᠰᠤᠷᠭᠠᠨ ᠬᠥᠮᠣᠵᠢᠯ ᠤᠨ ᠲᠣᠪᠴᠢᠶ᠎ᠠ ᠶᠢᠨ ᠰᠠᠭᠤᠷᠢ | ᠰᠤᠷᠭᠠᠨ ᠬᠦᠮᠥᠵᠢᠯ ᠤᠨ ᠰᠠᠯᠠᠭᠠᠨ ᠤ ᠳᠡᠳ᠋ ᠳᠠᠷᠤᠭ᠎ᠠ ᠯᠢ ᠶᠢᠨ ᠯᠦᠩ ᠠᠴᠠ 2025 ᠣᠨ ᠤ ᠦᠨᠳᠣᠷ | ᠳᠤᠮᠳᠠᠲᠤ ᠶᠢᠨ ᠰᠣᠷᠣᠭᠴᠢ ᠡᠯᠰᠡᠬᠦ ᠰᠢᠯᠭᠠᠯᠲᠠ ᠶᠢᠨ ᠦᠭᠡᠷᠡᠴᠢᠯᠡᠯᠲᠠ ᠶᠢᠨ ᠰᠢᠨ᠎ᠡ ᠲᠦᠷᠤ ᠶᠢᠨ ᠪᠣᠳᠣᠯᠭ᠎ᠠ ᠶᠢᠨ | ᠲᠤᠬᠠᠢ ᠲᠤᠰᠬᠠᠢ ᠲᠠᠶᠢᠯᠤᠮᠵᠢ ᠬᠢᠪᠡ᠂ ᠲᠣᠰ ᠤᠳᠠᠭᠠᠨ ᠤ ᠲᠣᠬᠢᠷᠠᠭᠤᠯᠤᠯᠲᠠ ᠨᠢ ᠰᠢᠯᠭᠠᠯᠲᠠ ᠶᠢᠨ ᠬᠢᠴᠢᠶᠡᠯ | ᠲᠦᠷᠤᠯ᠂ ᠬᠤᠪᠢ ᠶᠢᠨ ᠬᠠᠷᠢᠴᠠᠯ᠂ ᠰᠡᠲᠤᠪ ᠭᠠᠷᠭᠠᠬᠤ ᠠᠷᠭ᠎ᠠ ᠮᠠᠶ᠋ᠢᠭ ᠵᠡᠷᠭᠡ ᠲᠣᠯᠣᠭᠠᠨ ᠶᠡᠭᠡ ᠭᠤᠣᠤᠯᠳᠠᠯᠭᠠ | ᠲᠠᠢ ᠬᠦᠷᠢᠶ᠎ᠡ ᠳᠤ ᠬᠤᠯᠪᠣᠭᠳᠠᠪᠠ᠃ | ᠨᠢᠭᠡ᠂ ᠰᠢᠯᠭᠠᠯᠲᠠ ᠶᠢᠨ ᠬᠢᠴᠢᠶᠡᠯ ᠲᠥᠷᠤᠯ ᠳᠤ ᠲᠤᠷᠰᠢᠯᠲᠠ ᠶᠢᠨ ᠠᠵᠢᠯᠯᠠᠭ᠎ᠠ ᠶᠢ ᠰᠢᠨ᠎ᠡ ᠪᠠᠷ ᠨᠠᠮᠡᠪᠠ | ᠹᠢᠽᠢᠺ᠂ ᠬᠢᠮᠢ ᠶᠢᠨ ᠲᠤᠷᠰᠢᠯᠲᠠ ᠶᠢᠨ ᠠᠵᠢᠯᠯᠠᠭ᠎ᠠ ᠶᠢ ᠠᠩᠬ᠎ᠠ ᠤᠳᠠᠭ᠎ᠠ ᠰᠢᠯᠭᠠᠯᠲᠠ ᠶᠢᠨ ᠵᠢᠩᠬᠢᠨᠢ ᠬᠢᠴᠢᠶᠡᠯ | ᠲᠦᠷᠤᠯ ᠳᠤ ᠣᠷᠣᠭᠤᠯᠵᠤ᠂ ᠬᠤᠶᠠᠷ ᠬᠢᠴᠢᠶᠡᠯ ᠲᠦᠷᠤᠯ ᠳᠤ ᠲᠣᠰ ᠪᠦᠷᠢ 10 ᠬᠤᠪᠢ ᠶᠢᠨ ᠰᠢᠯᠭᠠᠯᠲᠠ | ᠲᠣᠬᠢᠷᠠᠭᠤᠯᠵᠤ᠂ ᠳᠣᠬᠢᠷᠠᠭᠤᠯᠤᠯᠲᠠ ᠬᠢᠭᠰᠡᠨ ᠤ ᠳᠠᠷᠠᠭ᠎ᠠ ᠹᠢᠽᠢᠺ ︵60 ᠬᠤᠪᠢ︶᠂ ᠬᠢᠮᠢ ︵40 ᠬᠤᠪᠢ︶ | ᠶᠢᠨ ᠪᠢᠷ ᠤᠨ ᠰᠢᠯᠭᠠᠯᠲᠠ ᠲᠠᠢ ᠬᠠᠮᠲᠤ ᠪᠠᠷ ᠶᠡᠷᠦᠩᠬᠡᠢ ᠬᠤᠪᠢ 120 ᠬᠤᠪᠢ ᠪᠣᠯᠪᠠ᠃ | ᠬᠤᠶᠠᠷ᠂ ᠬᠤᠪᠢ ᠶᠢᠨ ᠬᠠᠷᠢᠴᠠᠯ ᠢ ᠰᠢᠯᠢᠳᠡᠭᠵᠢᠭᠦᠯᠦᠨ ᠲᠣᠬᠢᠷᠠᠭᠤᠯᠪᠠ | ᠬᠡᠯᠡ ᠪᠢᠴᠢᠭ ᠲᠤᠭ᠎ᠠ ᠭᠠᠳᠠᠭᠠᠲᠤ ᠬᠡᠯᠡ ᠵᠡᠷᠭᠡ ᠭᠤᠷᠪᠠᠨ ᠳᠠᠩ ᠬᠢᠴᠢᠶᠡᠯ ᠤᠨ ᠶᠡᠷᠦᠩᠬᠡᠢ ᠬᠤᠪᠢ ᠶᠢ 120 | ᠬᠤᠪᠢ ᠪᠠᠶᠢᠭᠰᠠᠨ ᠠᠴᠠ ᠨᠢ 100 ᠬᠤᠪᠢ ᠪᠣᠯᠭᠠᠨ ᠨᠢᠭᠡᠳᠦᠯᠲᠠᠢ ᠲᠣᠬᠢᠷᠠᠭᠤᠯᠪᠠ᠂ ᠡᠭᠦᠨ ᠳᠤ ᠠᠩᠭ᠍ᠯᠢ ᠬᠡᠯᠡᠨ ᠳᠤ | 10 ᠬᠤᠪᠢ ᠶᠢᠨ ᠰᠣᠨᠣᠰᠬᠤ ᠴᠢᠳᠠᠪᠤᠷᠢ ᠶᠢᠨ ᠰᠢᠯᠭᠠᠯᠲᠠ ᠶᠢ ᠰᠢᠨ᠎ᠡ ᠪᠠᠷ ᠨᠡᠮᠡᠭᠳᠡᠭᠦᠯᠦᠨ᠎ᠠ︔ ᠶᠣᠰᠤ ᠰᠤᠷᠳᠠᠬᠤᠳ | ᠬᠢᠭᠡᠳ ᠬᠠᠤᠯᠢ ᠪᠠᠷ ᠵᠠᠰᠠᠬᠤᠢ ᠪᠣᠯᠣᠨ ᠲᠠᠤᠬᠡ ᠶᠢᠨ ᠬᠢᠴᠢᠶᠡᠯ ᠳᠤ ︽ᠬᠤᠤᠰ 50 ᠬᠤᠪᠢ︾ ᠶᠢᠨ ᠲᠦᠷᠢᠮ ᠢ | ᠬᠡᠷᠡᠭᠵᠢᠭᠦᠯᠦᠨ᠎ᠡ︔ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠤᠪᠢ ᠶᠢ ᠲᠠᠬᠢᠨ ᠢᠶᠠᠷ ᠨᠡᠮᠡᠭᠳᠡᠭᠦᠯᠵᠤ᠂ 40 ᠬᠤᠪᠢ | ᠪᠠᠶᠢᠭᠰᠠᠨ ᠠᠴᠠ 80 ᠬᠤᠪᠢ ᠪᠣᠯᠭᠠᠨ ᠳᠡᠭᠡᠭᠰᠢᠯᠡᠭᠦᠯᠵᠦ᠂ ᠰᠢᠯᠭᠠᠬᠤ ᠦᠶᠡᠯᠡᠯ ᠤᠨ ᠬᠤᠭᠤᠴᠠᠭ᠎ᠠ ᠨᠢ ᠠᠩᠬ᠎ᠠ | ᠵᠡᠷᠭᠡ ᠶᠢᠨ ᠳᠤᠮᠳᠠᠲᠤ ᠰᠤᠷᠭᠠᠭᠤᠯᠢ ᠶᠢᠨ ᠭᠤᠷᠪᠠᠨ ᠰᠤᠷᠣᠯᠭ᠎ᠠ ᠶᠢᠨ ᠣᠨ ᠢ ᠬᠠᠮᠤᠷᠪᠠ᠃ | ᠭᠤᠷᠪᠠ᠂ ᠰᠡᠳᠦᠪ ᠭᠠᠷᠭᠠᠬᠤ ᠥᠭᠡᠷᠡᠴᠢᠯᠡᠯᠲᠠ ᠶᠢ ᠠᠯᠬᠤᠮ ᠬᠤᠪᠢᠶᠠᠨ ᠠᠬᠢᠭᠤᠯᠤᠨ᠎ᠠ | 2025 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠡᠡᠴᠡᠨᠢᠭᠡᠳᠦᠯᠲᠡᠢ ᠰᠡᠳᠦᠪ ᠭᠠᠷᠭᠠᠬᠤ ᠶᠢ | ᠬᠡᠷᠡᠭᠵᠢᠭᠦᠯᠦᠨ᠎ᠡ᠃ | ᠳᠥᠷᠪᠡ᠂ ᠣᠨᠴᠠ ᠴᠢᠳᠠᠪᠤᠷᠢᠲᠠᠢ ᠰᠣᠷᠣᠭᠴᠢ ᠡᠯᠰᠡᠬᠦ ᠲᠥᠷᠤ ᠶᠢᠨ ᠪᠤᠳᠣᠯᠭ᠎ᠠ ᠶᠢ ᠰᠢᠯᠢᠳᠡᠭᠵᠢᠭᠦᠯᠦᠨ᠎ᠡ | ᠤᠷᠠᠯᠢᠭ ᠤᠨ ᠲᠦᠷᠤᠯ ᠤᠨ ᠣᠨᠴᠠ ᠴᠢᠳᠠᠪᠤᠷᠢᠲᠠᠢ ᠰᠣᠷᠣᠭᠴᠢ ᠶᠢᠨ ︽ᠡᠩ ᠤᠨ ᠦᠨᠳᠣᠷ ᠵᠡᠷᠭᠡ ᠶᠢᠨ | ᠳᠤᠮᠳᠠᠲᠤ ᠰᠤᠷᠭᠠᠭᠤᠯᠢ ᠳᠤ ᠡᠯᠰᠡᠬᠦ ᠬᠤᠪᠢ ᠶᠢᠨ ᠱᠣᠭᠤᠮ ᠤᠨ 80% ᠠᠴᠠ ᠳᠣᠣᠷ᠎ᠠ ᠪᠢᠰᠢ ᠪᠠᠶᠢᠬᠤ︾ ᠭᠡᠬᠦ | ᠬᠠᠮᠤᠭ ᠤᠨ ᠳᠣᠣᠷ᠎ᠠ ᠡᠵᠡᠮᠳᠡᠬᠦ ᠱᠤᠭᠤᠮ ᠢ ᠬᠦᠴᠣᠨ ᠦᠭᠡᠢ ᠪᠣᠯᠭᠠᠵᠤ᠂ ᠤᠷᠠᠯᠢᠭ ᠤᠨ ᠲᠦᠷᠤᠯ ᠤᠨ ᠣᠨᠴᠠ | ᠴᠢᠳᠠᠪᠤᠷᠢᠲᠠᠢ ᠰᠣᠷᠣᠭᠴᠢ ᠶᠢᠨ ᠰᠤᠷᠤᠯᠭ᠎ᠠ ᠬᠢᠭᠡᠳ ᠲᠤᠰᠬᠠᠢ ᠮᠡᠷᠭᠡᠵᠢᠯ ᠤᠨ ᠵᠣᠬᠢᠴᠠᠩᠭᠤᠢ ᠬᠦᠭᠵᠢᠯᠲᠠ ᠶᠢ | ᠠᠬᠢᠭᠤᠯᠬᠤ ᠪᠠᠷ ᠵᠣᠷᠢᠯᠭ᠎ᠠ ᠪᠠᠨ ᠪᠣᠯᠭᠠᠪᠠ᠃ | ᠲᠠᠪᠤ᠂ ᠶᠡᠷᠤᠩᠬᠡᠶᠢᠯᠡᠭᠰᠡᠨ ᠦᠨᠡᠯᠡᠯᠲᠡ ᠶᠢᠨ ᠰᠢᠰᠲ᠋ᠧᠮ ᠵᠢᠩᠭᠢᠨᠢ ᠪᠠᠷ ᠠᠰᠢᠭᠯᠠᠯᠲᠠ ᠳᠤ ᠣᠷᠣᠨ᠎ᠠ | ᠰᠢᠨ᠎ᠡ ᠪᠠᠷ ᠰᠦᠯᠵᠢᠶᠡᠨ ᠳᠤ ᠭᠠᠷᠭᠠᠭᠰᠠᠨ ᠶᠡᠷᠤᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠰᠲ᠋ᠧᠮ | ᠨᠢ ᠪᠤᠲᠠᠲᠠᠢ ᠲᠡᠮᠳᠡᠭᠯᠡᠯ ᠬᠢᠬᠦ ᠠᠷᠭ᠎ᠠ ᠮᠠᠶ᠋ᠢᠭ ᠢᠶᠠᠷ ᠰᠣᠷᠣᠭᠴᠢᠳ ᠤᠨ ᠦᠰᠤᠨ ᠪᠣᠶᠢᠵᠢᠯᠲᠠ ᠶᠢᠨ ᠳᠠᠩᠰᠡ ᠡᠪᠬᠡᠮᠡᠯ | ᠪᠠᠶᠢᠭᠤᠯᠵᠤ᠂ ︽ᠨᠢᠭᠡ ᠰᠤᠷᠭᠠᠭᠤᠯᠢ ᠳᠤ ᠨᠢᠭᠡ ᠠᠷᠭ᠎ᠠ︾ ᠶᠢᠨ ᠲᠡᠰ ᠲᠣᠭᠲᠠᠭᠠᠬᠤ ᠲᠣᠭᠲᠠᠴᠠ ᠶᠢ | ᠬᠡᠷᠡᠭᠵᠢᠭᠦᠯᠦᠨ᠎ᠡ︔ ᠡᠮᠤᠨ᠎ᠡ 30% ᠨᠢ A ᠳᠡᠰ᠂ ᠳᠤᠮᠳᠠᠬᠢ 60% ᠨᠢ B ᠲᠡᠰ ᠢᠶᠠᠷ ᠦᠨᠡᠯᠡᠭᠳᠡᠵᠦ᠂ | A+B ᠲᠡᠰ ᠤᠨ ᠶᠡᠷᠤᠩᠬᠡᠢ ᠡᠵᠡᠯᠡᠬᠦ ᠬᠠᠷᠢᠴᠠᠯ ᠨᠢ 90% ᠳᠤ ᠭᠦᠷᠤᠨ᠎ᠡ᠃ | ᠵᠢᠷᠭᠤᠭ᠎ᠠ᠂ ᠬᠤᠪᠢ ᠨᠡᠮᠡᠬᠦ ᠲᠥᠷᠤ ᠶᠢᠨ ᠪᠣᠳᠣᠯᠭ᠎ᠠ ᠶᠢᠨ ᠳᠣᠬᠢᠷᠠᠭᠤᠯᠤᠯᠲᠠ | 1. ᠴᠡᠷᠢᠭ ᠤᠨ ᠠᠯᠪᠠ ᠠᠴᠠ ᠬᠠᠭᠠᠭᠰᠠᠳ᠂ ᠭᠠᠯ ᠢ ᠰᠡᠷᠭᠡᠶᠢᠯᠡᠨ ᠣᠨᠲᠠᠷᠠᠭᠠᠵᠤ ᠠᠪᠤᠷᠠᠨ ᠲᠤᠰᠠᠯᠠᠬᠤ | ᠠᠵᠢᠯᠲᠠᠨ᠂ ᠨᠦᠬᠦᠴᠡᠯ ᠳᠤ ᠨᠡᠶᠢᠴᠡᠬᠦ ᠳᠣᠲᠣᠭᠠᠲᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠠᠵᠢᠯᠲᠠᠨ ᠤ ᠦᠷ᠎ᠡ ᠬᠡᠣᠬᠡᠳ ᠲᠤ ᠨᠥᠭᠦᠴᠡᠯ ᠶᠣᠰᠣᠭᠠᠷ 20 ᠬᠤᠪᠢ ᠪᠤᠶᠤ 10 ᠬᠤᠪᠢ | ᠨᠠᠮᠠᠨ᠎ᠠ᠃ | 2. ᠳᠤᠮᠳᠠᠲᠤ ᠶᠢᠨ ᠬᠠᠷᠢᠶᠠᠲᠤ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠶᠢᠨ ᠦᠷ᠎ᠡ ᠬᠡᠤᠬᠡᠳ ᠲᠤ | 5 ᠬᠤᠪᠢ ᠨᠠᠮᠠᠨ᠎ᠠ᠃ | ᠲᠤᠯᠤᠭ᠎ᠠ᠂ ᠡᠯᠰᠡᠬᠦ ᠪᠦᠯᠦᠭ ᠤᠳᠠᠭ᠎ᠠ ᠶᠢ ᠰᠢᠯᠢᠳᠡᠭᠵᠢᠭᠦᠯᠦᠨ ᠳᠡᠰ ᠳᠡᠪᠰᠢᠭᠦᠯᠤᠨᠡ | ᠵᠡᠷᠭᠡᠴᠡᠭᠡ ᠡᠷᠡᠮᠡᠠᠯᠵᠡᠯ ᠲᠠᠭᠯᠠᠬᠤ ᠵᠠᠬᠠᠪᠤᠷ ᠢ ᠪᠥᠬᠦ ᠲᠠᠯ᠎ᠠ ᠪᠠᠷ ᠬᠡᠷᠡᠭᠵᠢᠭᠦᠯᠤᠨ᠎ᠠ᠂ ᠰᠢᠯᠭᠠᠭᠤᠯᠤᠭᠴᠢ ᠳᠤ | ᠠᠩᠬᠠᠷᠤᠭᠤᠯᠬᠤ ᠨᠢ᠄ ︽ᠠᠰ ᠲᠤᠨᠢ ᠡᠯᠰᠡᠬᠦ︾ ᠬᠢᠷᠢ ᠭᠡᠮ ᠲᠠᠢ ᠰᠢᠯᠭᠠᠭᠤᠯᠤᠭᠴᠢ ᠬᠡᠷᠪᠡ ᠠᠰ ᠲᠤᠨᠢ ᠡᠯᠰᠡᠬᠦ | ᠡᠷᠡᠮᠡᠯᠵᠡᠯ ᠢᠶᠠᠷ ᠵᠢᠱᠢᠶ᠎ᠡ ᠦᠵᠡᠭᠦᠯᠬᠦ ᠴᠢᠨᠡᠷᠲᠠᠢ ᠡᠩ ᠤᠨ ᠦᠨᠳᠤᠷ ᠵᠡᠷᠭᠡ ᠶᠢᠨ ᠳᠤᠮᠳᠠᠲᠤ ᠰᠤᠷᠭᠠᠭᠤᠯᠢ ᠳᠤ | ᠰᠢᠯᠭᠠᠭᠤᠯᠬᠤ ᠬᠡᠪᠡᠯ ᠡᠷᠬᠡᠪᠰᠢ ᠨᠢᠭᠡᠳᠦᠭᠡᠷ ᠪᠦᠯᠦᠭ ᠤᠨ ᠵᠢᠱᠢᠶ᠎ᠡ ᠦᠵᠡᠭᠦᠯᠬᠦ ᠴᠢᠨᠠᠷᠲᠠᠢ ᠡᠩ ᠤᠨ ᠦᠨᠳᠤᠷ | ᠵᠡᠷᠭᠡ ᠶᠢᠨ ᠳᠤᠮᠳᠠᠲᠤ ᠰᠤᠷᠭᠠᠭᠤᠯᠢ ᠶᠢᠨ ᠠᠰ ᠲᠤᠨᠢ ᠡᠯᠰᠡᠬᠦ ᠳᠤ ᠡᠷᠡᠮᠡᠯᠵᠡᠯ ᠲᠠᠭᠯᠠᠬᠤ ᠬᠡᠷᠡᠭᠲᠡᠢ᠂ ᠲᠣᠰ ᠪᠦᠯᠦᠭ | ᠨᠢ ᠠᠰ ᠲᠤᠨᠢ ᠡᠯᠰᠡᠬᠦ ᠲᠥᠯᠦᠪᠯᠭᠡ ᠶᠢᠨ ᠴᠤᠷ ᠤᠨ ᠭᠠᠭᠴᠠ ᠮᠡᠳᠡᠭᠦᠯᠬᠦ ᠠᠷᠭ᠎ᠠ ᠪᠣᠯᠣᠨ᠎ᠠ᠃ | |