ᠬᠠᠶᠢᠷᠠᠲᠤ ᠰᠠᠭᠤᠭᠠᠯᠢ ᠠᠷᠠᠳ ᠨᠠᠶᠢᠵᠠ ᠨᠠᠷ ᠡ᠄ | ᠬᠤᠩ ᠾᠧ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠣᠲᠣ ᠨᠢᠭᠡᠨᠲᠡ ᠵᠢᠩᠬᠢᠨᠢ ᠪᠠᠷ ᠠᠰᠢᠭᠯᠠᠯᠲᠠ ᠳᠤ | ᠣᠷᠣᠪᠠ᠃ ᠲᠣᠰ ᠲᠥᠪ ᠨᠢ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠳᠤ ᠨᠠᠩ | ᠥᠨᠳᠥᠷ ᠪᠦᠲᠦᠮᠵᠢᠲᠡᠶ ᠠᠮᠤᠷ ᠢ ᠬᠠᠮᠠᠭᠠᠯᠠᠬᠤ ᠬᠠᠮᠢᠶᠠᠷᠤᠯᠲᠠ᠂ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ | ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠪᠠᠯᠭᠠᠰᠤᠨ ᠤ ᠳᠣᠲᠣᠭᠠᠳᠤ ᠶᠢᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠥᠷᠭᠡᠨ ᠤᠯᠠᠨ ᠰᠠᠭᠤᠭᠠᠯᠢ | ᠠᠷᠠᠳ ᠤᠨ ᠵᠥᠪᠯᠡᠯᠭᠡ ᠠᠪᠬᠤ ᠪᠠᠷ ᠢᠷᠡᠵᠦ᠂ ᠠᠰᠠᠭᠤᠳᠠᠯ ᠪᠣᠯᠣᠨ ᠰᠠᠨᠠᠭᠤᠯᠭ᠎ᠠ ᠶᠢ ᠢᠳᠡᠪᠬᠢᠲᠡᠢ ᠪᠠᠷ ᠬᠠᠷᠢᠭᠤ | ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠠᠮᠤᠷ ᠠᠮᠤᠭᠤᠯᠠᠩ᠂ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠶ᠎ᠠ︕ | | ᠠᠵᠢᠯᠯᠠᠬᠤ ᠭᠠᠵᠠᠷ᠄ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠤ ᠲᠣᠮᠣ ᠠᠰᠠᠷ ᠤᠨ ᠪᠠᠷᠠᠭᠤᠨ ᠲᠠᠯ᠎ᠠ ᠶᠢᠨ ᠶᠡᠷᠦᠩᠬᠡᠶᠢᠯᠡᠨ ᠵᠠᠰᠠᠬᠤ ᠲᠥᠪ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨᠡᠬᠢ 8᠄ 30 ᠠᠴᠠ | ᠦᠳᠡ ᠶᠢᠨ ᠬᠤᠶᠢᠨᠠᠬᠢ 17᠄ 30 | | ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ | ᠬᠤᠷᠢᠶ᠎ᠠ | ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ | | |