︽ᠠᠷᠠᠳ ᠲᠦᠮᠡᠨ ᠢ ᠳᠡᠭᠡᠳᠦᠯᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠣᠷᠣᠨ ᠤ ᠲᠥᠪ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠶᠢᠨ ᠲᠥᠯᠥᠭᠡ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠠᠷᠠᠳ ᠲᠤ ᠲᠥᠭᠦᠮ ᠦᠵᠡᠭᠦᠯᠦᠨ ᠠᠵᠤ ᠠᠬᠤᠶᠢᠯᠠᠯ ᠢ | ᠲᠤᠰᠠᠯᠠᠵᠤ ᠬᠥᠭᠵᠢᠯᠲᠡ ᠶᠢ ᠨᠢ ᠬᠠᠮᠠᠭᠠᠯᠠᠬᠤ︾ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠰᠢᠨ᠎ᠡ ᠶᠢ ᠡᠭᠦᠳᠦᠨ | ᠭᠠᠷᠭᠠᠪᠠ᠃ ᠣᠶᠢᠷ᠎ᠠ ᠳᠤ ᠲᠦᠷᠦᠭᠦᠦ ᠪᠦᠯᠦᠭ ᠤᠨ 5 ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ | ᠪᠠᠶᠢᠴᠠᠭᠠᠯᠲᠠ ᠶᠢᠨ ᠥᠷᠲᠡᠭᠡ ᠶᠢᠨ ︽ᠬᠠᠶᠢᠷ᠎ᠠ ᠬᠠᠯᠠᠮᠵᠢ ᠶᠢᠨ ᠤᠯᠠᠭ᠎ᠠ ᠥᠷᠲᠡᠭᠡ︾ ᠶᠢ ᠵᠢᠩᠬᠢᠨᠢ ᠪᠠᠷ | ᠠᠰᠢᠭᠯᠠᠯᠲᠠ ᠳᠤ ᠣᠷᠣᠭᠤᠯᠵᠤ᠂ 24 ᠴᠠᠭ ᠤᠨ ᠪᠦᠭᠦ ᠡᠳᠦᠷ ᠤᠨ ᠦᠢᠯᠡᠴᠢᠯᠡᠭᠡ ᠪᠠᠷ ᠮᠠᠰᠢᠨ ᠲᠡᠷᠭᠡᠨ ᠤ | ᠵᠢᠯᠣᠭᠤᠴᠢ ᠳᠤ ᠬᠠᠯᠠᠭᠤᠮᠰᠤᠭ ᠦᠢᠯᠡᠴᠢᠯᠡᠭᠡ ᠬᠠᠩᠭᠠᠪᠠ᠃ | ᠬᠤᠲᠣᠩ ᠠᠷᠠᠳ ᠤᠨ ᠲᠣᠭᠤᠷᠢᠭ ᠤᠨ ᠢ ᠵᠢᠶᠠᠨ ᠹᠠᠩ᠂ ᠳᠠᠪᠠᠭᠠᠨ ᠠᠮᠠ᠂ ᠰᠠᠶᠢᠬᠠᠨ ᠲᠣᠭᠤᠷᠢᠭ ᠤᠨ | ᠲᠣᠪᠴᠢ᠂ ᠴᠢᠩ ᠱᠦᠢ ᠾᠧ ᠰᠢᠶᠠᠨ ᠤ ᠱᠢ ᠴᠢ ᠭᠧᠦ ᠵᠢᠴᠢ ᠬᠤᠷᠢᠨᠭᠡᠷ ᠰᠢᠶᠠᠨ ᠤ ᠰᠢᠨ᠎ᠡ ᠳᠡᠯᠭᠡᠭᠦᠷ ᠵᠡᠷᠭᠡ | ᠰᠢᠨᠡᠬᠡᠨ ᠠᠰᠢᠭᠯᠠᠯᠲᠠ ᠳᠤ ᠣᠷᠣᠭᠰᠠᠨ 5 ᠣᠷᠣᠨ ᠪᠦᠰᠡ ᠠᠯᠤᠰᠯᠠᠭᠰᠠᠨ ᠴᠢᠬᠤᠯᠠ ᠵᠠᠰᠠᠮᠠᠯ ᠵᠠᠮ ᠤᠨ ᠬᠠᠤᠯᠢ | ᠬᠡᠷᠡᠭᠵᠢᠭᠦᠯᠬᠦ ᠪᠠᠶᠢᠴᠠᠭᠠᠯᠲᠠ ᠶᠢᠨ ᠥᠷᠲᠡᠭᠡ ᠳᠤ ︽ᠬᠠᠶᠢᠷ᠎ᠠ ᠬᠠᠯᠠᠮᠵᠢ ᠶᠢᠨ ᠤᠯᠠᠭ᠎ᠠ ᠥᠷᠲᠡᠭᠡ︾ ᠶᠢᠨ ᠬᠥᠬᠡ | ᠥᠩᠭᠡ ᠶᠢᠨ ᠲᠡᠮᠳᠡᠭ ᠣᠨᠴᠠ ᠶᠢᠨ ᠢᠯᠡᠭᠡᠨ ᠬᠠᠷᠠᠭᠳᠠᠨ᠎ᠠ᠃ 15 ᠲᠡᠭᠰᠢ ᠳᠥᠷᠪᠡᠯᠵᠢᠨ ᠮᠧᠲᠷ ᠤᠨ ᠦᠷᠳᠡᠭᠡ ᠳᠤ | ᠣᠷᠣᠬᠤᠯᠠᠷ ᠨᠠᠷᠢᠯᠢᠭ ᠲᠣᠬᠢᠷᠠᠭᠤᠯᠤᠯᠲᠠ ᠨᠢ ᠬᠥᠮᠥᠰ ᠲᠤ ᠣᠨᠴᠠ ᠶᠢᠨ ᠬᠠᠯᠠᠭᠤᠨ ᠳᠤᠯᠠᠭᠠᠨ ᠰᠠᠨᠠᠭᠳᠠᠭᠤᠯᠤᠨ᠎ᠠ᠃ | ᠤᠤᠭᠤᠬᠤ ᠤᠰᠤᠨ ᠤ ᠮᠠᠰᠢᠨ ᠤ ᠬᠠᠵᠠᠭᠤ ᠳᠤ ᠲᠦᠭᠦᠮ ᠭᠤᠯᠢᠷ ᠢ ᠲᠠᠷᠢ ᠲᠡᠭᠰᠢ ᠲᠠᠯᠪᠢᠵᠤ᠂ ᠡᠮ ᠡᠮᠨᠡᠯᠭᠡ ᠶᠢᠨ | ᠬᠠᠶᠢᠷᠴᠠᠭ ᠲᠤ ᠲᠠᠭᠰᠢᠭᠤᠷ ᠤᠨ ᠡᠮ᠂ ᠰᠢᠷᠬᠠᠨ ᠤ ᠨᠠᠭᠠᠯᠲᠠ ᠵᠡᠷᠭᠡ ᠪᠠᠶᠢᠩᠭᠤ ᠶᠢᠨ ᠪᠠᠴᠢᠮ ᠠᠪᠤᠷᠠᠯᠲᠠ ᠶᠢᠨ ᠡᠮ | ᠲᠣᠬᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠴᠢᠰᠤᠨ ᠳᠠᠷᠤᠯᠲᠠ ᠶᠢᠨ ᠡᠯᠧᠺᠲᠷᠣᠨ ᠬᠡᠮᠵᠢᠭᠦᠷ ᠢ ᠪᠡᠯᠡᠳᠭᠡᠵᠡᠢ︔ | ᠪᠠᠭᠠᠵᠢ ᠬᠡᠷᠡᠭᠰᠡᠯ ᠤᠨ ᠬᠠᠶᠢᠷᠴᠠᠭ ᠲᠤ ᠬᠡᠶᠢᠯᠡᠬᠦ ᠬᠥᠭᠡᠷᠭᠡ ᠵᠡᠷᠭᠡ ᠲᠥᠬᠦᠭᠡᠷᠦᠮᠵᠢ ᠡᠮᠬᠢ ᠵᠢᠷᠤᠮ ᠲᠠᠢ ᠬᠠᠷᠠᠭᠳᠠᠨ᠎ᠠ᠃ | | ︽ᠭᠡᠷ ᠲᠤ ᠣᠷᠣᠵᠤ ᠢᠷᠡᠭᠡᠳ ᠬᠠᠯᠠᠭᠤᠨ ᠤᠰᠤ ᠤᠤᠭᠤᠭᠠᠷᠠᠢ︕︾ ᠭᠡᠵᠦ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠠᠶᠢᠬᠠᠨ ᠲᠣᠭᠤᠷᠢᠭ ᠤᠨ ᠶᠡᠭᠡ ᠠᠩᠭᠢ ᠶᠢᠨ ᠴᠠᠭᠳᠠᠭ᠎ᠠ ᠰᠢᠦᠢ ᠵᠧ | ᠵᠢᠶᠦ᠋ᠨ ᠵᠣᠭᠰᠣᠵᠤ ᠪᠠᠶᠢᠭᠰᠠᠨ ᠠᠴᠢᠶᠠᠨ ᠤ ᠮᠠᠰᠢᠨ ᠤ ᠵᠢᠯᠣᠭᠤᠴᠢ ᠲᠠᠢ ᠮᠡᠨᠳᠦᠴᠢᠯᠡᠪᠡ᠃ ︽ᠬᠠᠶᠢᠷ᠎ᠠ | ᠬᠠᠯᠠᠮᠵᠢ ᠶᠢᠨ ᠤᠯᠠᠭ᠎ᠠ ᠦᠷᠳᠡᠭᠡ︾ ᠠᠰᠢᠭᠯᠠᠯᠲᠠ ᠳᠤ ᠣᠷᠣᠭᠰᠠᠨ ᠠᠴᠠ ᠡᠶᠢᠮᠦᠷᠬᠦᠦ ᠬᠠᠯᠠᠭᠤᠨ ᠳᠤᠯᠠᠭᠠᠨ | ᠪᠠᠶᠢᠳᠠᠯ ᠡᠳᠦᠷ ᠪᠦᠷᠢ ᠢᠯᠡᠷᠡᠨ᠎ᠡ᠃ ︽ᠦᠷᠭᠦᠯᠵᠢ ᠬᠤᠯᠠ ᠵᠠᠮ ᠤᠨ ᠮᠠᠰᠢᠨ ᠲᠡᠷᠭᠡᠨ ᠤ ᠵᠢᠯᠣᠭᠤᠴᠢ ᠣᠷᠣᠵᠤ | ᠢᠷᠡᠭᠡᠳ ᠬᠠᠯᠠᠭᠤᠨ ᠤᠰᠤ ᠠᠪᠳᠠᠬ᠂ ᠪᠢᠳᠡ ᠳᠥᠭᠦᠮ ᠭᠤᠯᠢᠷ ᠵᠡᠷᠭᠡ ᠢᠳᠡᠭᠡᠨ ᠢ ᠲᠤᠰᠬᠠᠶᠢᠯᠠᠨ ᠪᠡᠯᠡᠳᠬᠡᠵᠦ | ᠵᠢᠯᠣᠭᠤᠴᠢ ᠳᠤ ᠦᠨ᠎ᠡ ᠲᠥᠯᠥᠪᠦᠷᠢ ᠦᠭᠡᠢ ᠪᠠᠷ ᠬᠠᠩᠭᠠᠳᠠᠭ᠂ ᠲᠡᠳᠡᠨ ᠳᠤ ᠲᠤᠰᠠ ᠬᠢᠵᠦ᠂ ᠵᠢᠯᠣᠭᠤᠴᠢ ᠶᠢᠨ | ᠰᠡᠳᠬᠢᠯ ᠬᠠᠨᠤᠮᠵᠢᠳᠠᠢ ᠢᠨᠢᠶᠡᠮᠰᠦᠭᠯᠡᠯ ᠢ ᠦᠵᠡᠭᠡᠳ ᠪᠢᠳᠡ ᠪᠠᠰᠠ ᠮᠠᠰᠢ ᠪᠠᠶᠠᠷᠯᠠᠳᠠᠭ︾ ᠭᠡᠵᠦ ᠰᠢᠦᠢ ᠵᠧ ᠵᠢᠶᠦ᠋ᠨ | ᠶᠠᠷᠢᠨ᠎ᠠ᠃ | |