ᠭᠦᠭᠡᠬᠤᠳᠠ ︽ᠲᠦᠷᠪᠡᠨ ᠲᠣᠣᠷ︾ ᠢ ᠨᠢᠭᠲᠠ ᠰᠦᠯᠵᠢᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2025/6/10
     ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠥᠷᠭᠡᠨ ᠣᠯᠠᠨ ᠰᠢᠯᠭᠠᠭᠤᠯᠤᠭᠴᠢ ᠳᠤ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠶᠢᠨ ᠲᠥᠯᠥᠭᠡ᠂ ᠭᠦᠭᠡᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠤᠷ ᠲᠦᠪᠰᠢᠨ ᠤ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ︽ᠳᠥᠷᠪᠡᠨ ᠲᠣᠣᠷ︾ ᠢ ᠨᠢᠭᠲᠠ ᠰᠦᠯᠵᠢᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠷᠢᠳᠴᠢᠯᠠᠨ ᠰᠠᠶᠢᠲᠤᠷ ᠬᠢᠪᠡ᠃     ᠤᠷᠢᠳᠴᠢᠯᠠᠨ ᠰᠤᠳᠤᠯᠤᠨ ᠰᠢᠨᠵᠢᠯᠡᠵᠦ᠂ ︽ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠣᠷ︾ ᠢ ᠨᠢᠭᠲᠠ ᠰᠦᠯᠵᠢᠪᠡ᠃ ᠲᠤᠰᠬᠠᠢ ᠰᠡᠳᠦᠪᠲᠦ ᠠᠵᠢᠯ ᠤᠨ ᠬᠤᠷᠠᠯ ᠢ ᠤᠷᠢᠳᠴᠢᠯᠠᠨ ᠬᠤᠷᠠᠯᠳᠤᠭᠤᠯᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠠᠵᠢᠯᠲᠠᠨ᠂ ᠮᠠᠰᠢᠨ ᠲᠡᠷᠭᠡ᠂ ᠵᠠᠮ ᠬᠠᠷᠢᠯᠴᠠᠭᠠᠨ ᠤ ᠪᠠᠶᠢᠳᠠᠯ᠂ ᠲᠦᠭᠵᠢᠷᠡᠯ ᠤᠨ ᠵᠠᠮ ᠵᠡᠷᠭᠡ ᠡᠯ᠎ᠡ ᠵᠦᠢᠯ ᠤᠨ ᠬᠦᠴᠦᠨ ᠵᠦᠢᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠥᠩᠭᠡᠷᠡᠭᠰᠡᠨ ᠵᠢᠯ ᠤᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠲᠤᠷᠰᠢᠯᠭ᠎ᠠ ᠶᠢ ᠦᠨᠳᠦᠰᠦᠯᠡᠨ᠂ ᠨᠠᠷᠢᠨ ᠲᠣᠳᠣᠷᠬᠠᠢ ᠠᠵᠢᠯ ᠤᠨ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠵᠤ᠂ 2025 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠰᠡᠳᠬᠢᠯ ᠢ ᠳᠤᠯᠠᠭᠠᠴᠠᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠡᠷᠲᠡ ᠪᠠᠶᠢᠷᠢᠯᠠᠭᠤᠯᠤᠨ᠂ ᠡᠷᠲᠡ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ︔ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠠᠳᠬᠤᠵᠤ᠂ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠪᠡ᠃ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠭᠠᠵᠠᠷ ᠤᠨ ᠣᠶᠢᠷ᠎ᠠ ᠬᠠᠪᠢ ᠶᠢᠨ ᠠᠮᠠᠷᠬᠠᠨ ᠲᠦᠭᠵᠢᠷᠡᠬᠦ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠢᠯᠣᠭᠤᠳᠤᠯᠭ᠎ᠠ ᠶᠢ ᠴᠢᠩᠭᠠᠳᠬᠠᠪᠠ︔ ᠵᠠᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠴᠡᠭᠴᠡᠯᠡᠨ ᠵᠠᠰᠠᠬᠤ ᠲᠣᠣᠷ︾ ᠢ ᠨᠢᠭᠲᠠ ᠰᠦᠯᠵᠢᠪᠡ᠃ ᠰᠢᠯᠭᠠᠯᠲᠠ ᠶᠢᠨ ᠭᠠᠵᠠᠷ ᠤᠨ ᠣᠶᠢᠷ᠎ᠠ ᠬᠠᠪᠢ ᠶᠢᠨ ᠵᠠᠮ ᠳᠡᠭᠡᠷ᠎ᠡ ᠳᠤᠷ᠎ᠠ ᠲᠠᠪᠠ ᠪᠠᠷ ᠢᠶᠠᠨ ᠮᠠᠰᠢᠨ ᠲᠡᠷᠭᠡ ᠵᠣᠭᠰᠤᠭᠠᠬᠤ ᠠᠵᠢᠯᠯᠠᠭ᠎ᠠ ᠶᠢ ᠴᠡᠭᠴᠡᠯᠡᠵᠦ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠳᠤᠯᠠᠪᠠ︔ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ︽ᠣᠷᠴᠢᠨ ᠠᠬᠤᠢ ᠶᠢᠨ ᠲᠣᠣᠷ︾ ᠢ ᠨᠢᠭᠲᠠ ᠰᠦᠯᠵᠢᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠤᠯᠠᠨ ᠵᠠᠭᠤᠴᠢᠯᠠᠭᠤᠷ ᠢ ᠤᠷᠢᠵᠤ᠂ 2025 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠪᠠᠶᠢᠳᠠᠯ ᠢ ᠮᠡᠳᠡᠭᠳᠡᠬᠦ ᠬᠤᠷᠠᠯ ᠢ ᠬᠤᠷᠠᠯᠳᠤᠭᠤᠯᠵᠤ᠂ ᠰᠢᠯᠭᠠᠭᠤᠯᠤᠭᠴᠢ ᠶᠢ ᠬᠠᠮᠠᠭᠠᠯᠠᠬᠤ ︽ᠠᠷᠪᠠᠨ ᠵᠦᠢᠯ ᠤᠨ ᠠᠷᠭ᠎ᠠ ᠬᠡᠮᠵᠢᠶ᠎ᠡ︾ ᠪᠠ ︽ᠤᠯᠤᠰ  ᠤᠨ ᠨᠢᠭᠡᠳᠦᠯᠲᠡᠢ ᠰᠢᠯᠭᠠᠯᠲᠠ ᠶᠢᠨ ᠰᠢᠯᠭᠠᠭᠤᠯᠤᠭᠴᠢ ᠪᠠ ᠭᠡᠷ ᠤᠨ ᠠᠬᠠᠮᠠᠳ ᠲᠤ ᠢᠯᠡᠭᠡᠬᠦ ᠨᠢᠭᠡᠨ ᠬᠤᠪᠢ ᠵᠠᠬᠢᠳᠠᠯ ︾ ᠢ ᠤᠷᠢᠳᠴᠢᠯᠠᠨ ᠨᠡᠶᠢᠲᠡᠯᠡᠵᠦ᠂ ᠵᠢᠯᠣᠭᠤᠴᠢᠳ ᠤᠨ ᠪᠣᠯᠪᠠᠰᠤᠨ ᠢᠶᠠᠷ ᠮᠠᠰᠢᠨ ᠲᠡᠷᠭᠡ ᠵᠢᠯᠤᠭᠤᠳᠬᠤ ᠶᠢ ᠤᠷᠢᠶᠠᠯᠠᠪᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1