2024 ᠣᠨ ᠳᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠲᠠᠢ ᠨᠢᠭᠲᠠ | ᠤᠶᠠᠯᠳᠤᠭᠤᠯᠤᠨ᠂ ᠡᠯ᠎ᠡ ᠵᠦᠢᠯ ᠤᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ | ᠨᠢᠭᠡ᠂ 2024 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ | ︵ᠨᠢᠭᠡ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠪᠡ᠃ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠲᠦᠷᠦᠭᠦᠯᠡᠨ ᠬᠠᠤᠯᠢᠵᠢᠯ ᠤᠨ ᠮᠡᠳᠡᠭᠦᠯᠦᠯᠲᠡ ᠬᠢᠵᠦ᠂ ᠬᠤᠲᠠ ᠰᠢᠶᠠᠨ ᠬᠤᠶᠠᠷ ᠱᠠᠲᠤᠨ ᠤ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠦᠬᠦᠨ ᠢᠶᠠᠷ ᠢᠶᠠᠨ ᠬᠠᠤᠯᠢᠵᠢᠯ ᠤᠨ | ᠮᠡᠳᠡᠭᠦᠯᠦᠯᠲᠡ ᠬᠢᠬᠦ ᠪᠣᠯᠪᠠ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠣᠨᠣᠯ ᠰᠤᠷᠤᠯᠴᠠᠬᠤ ᠭᠤᠣᠯ ᠳᠤᠭᠤᠶᠢᠯᠠᠩ ᠲᠤᠰᠬᠠᠢ ᠰᠡᠳᠦᠪᠲᠦ ᠬᠠᠤᠯᠢᠵᠢᠯ ᠤᠨ ᠰᠤᠷᠤᠯᠴᠠᠯᠭ᠎ᠠ ᠥᠷᠨᠢᠭᠦᠯᠵᠦ᠂ | ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠡᠮᠦᠨ᠎ᠡ ᠬᠠᠤᠯᠢ ᠰᠤᠷᠤᠯᠴᠠᠬᠤ ᠠᠵᠢᠯᠯᠠᠭ᠎ᠠ᠂ | ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ | ᠲᠥᠰᠥᠯ ᠳᠤ ᠵᠠᠰᠠᠪᠤᠷᠢ ᠣᠷᠣᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠪᠠ | ᠠᠵᠢᠯ ᠤᠨ ᠭᠤᠣᠯᠳᠠᠯᠭ᠎ᠠ᠂ ᠬᠠᠤᠯᠢ ᠲᠣᠭᠲᠠᠭᠠᠬᠤ ᠠᠵᠢᠯ ᠤᠨ ᠣᠨ ᠤ ᠲᠥᠯᠥᠪᠯᠡᠭᠡ᠂ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰᠬᠠᠢ | ᠰᠡᠳᠦᠪ ᠢᠶᠠᠷ ᠰᠣᠨᠣᠰᠴᠤ᠂ ᠬᠠᠮᠢᠶ᠎ᠠ ᠪᠦᠬᠦᠢ ᠳᠦᠷᠢᠮ ᠲᠣᠭᠲᠠᠭᠠᠯ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠬᠠᠤᠯᠢᠵᠢᠯ ᠤᠨ ᠪᠠᠶᠢᠭᠤᠯᠤᠯᠲᠠ ᠶᠢᠨ ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ︽ᠬᠥᠬᠡᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ ︵2021-2025 ᠣᠨ︶︾ ᠤᠨ ᠬᠡᠷᠡᠭᠵᠢᠭᠦᠯᠦᠯᠲᠡ ᠶᠢ ᠯᠠᠪᠳᠠᠭᠤᠨ ᠢᠶᠠᠷ ᠠᠬᠢᠭᠤᠯᠤᠨ᠂ | ᠵᠠᠰᠠᠭ ᠤᠨ ᠣᠷᠳᠣᠨ ᠤ ᠰᠢᠰᠲ᠋ᠧᠮ ᠤᠨ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ | ᠶᠣᠰᠣᠭᠠᠷ ᠵᠠᠰᠠᠭ ᠪᠠᠷᠢᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ | ︵ᠬᠤᠶᠠᠷ︶ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠪᠠ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠶᠢ ᠵᠠᠰᠠᠬᠤ ᠶᠢ ᠴᠢᠩᠭᠠᠳᠬᠠᠨ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ | ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠠᠮᠠᠯᠠᠭᠰᠠᠨ | ᠤᠴᠢᠷ ᠤᠳ ᠢᠶᠠᠨ ᠬᠤᠷᠳᠤᠨ ᠪᠡᠶᠡᠯᠡᠭᠦᠯᠪᠡ᠃ ᠤᠳᠤᠷᠢᠳᠬᠤ ᠺᠠᠳ᠋ᠷ ᠤᠨ ᠦᠨᠡᠨᠴᠢ ᠢᠲᠡᠭᠡᠮᠵᠢ ᠶᠢᠨ ᠪᠠᠶᠢᠳᠠᠯ ᠢ | ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠪᠠ ᠬᠠᠤᠯᠢᠵᠢᠯ ᠤᠨ ᠪᠠᠶᠢᠭᠤᠯᠤᠯᠲᠠ ᠶᠢᠨ ᠬᠢᠨᠠᠨ ᠰᠢᠯᠭᠠᠬᠤ | ᠭᠦᠢᠴᠡᠳᠬᠡᠯ ᠲᠤᠭ᠎ᠠ ᠳᠤ ᠣᠷᠣᠭᠤᠯᠪᠠ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢ ᠴᠢᠩᠭᠠᠳᠬᠠᠵᠤ᠂ | ᠠᠯᠪᠠᠨ ᠲᠤᠰᠢᠶᠠᠯᠲᠠᠨ ᠪᠦᠬᠦᠨ ᠳᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠭᠠᠷᠭᠠᠵᠤ᠂ ᠰᠢᠯᠵᠢᠭᠦᠯᠦᠨ | ᠲᠣᠮᠢᠯᠠᠬᠤ ᠪᠠ ᠰᠣᠩᠭᠤᠵᠤ ᠲᠣᠮᠢᠯᠠᠬᠤ᠂ ᠲᠡᠷᠢᠭᠦᠨ ᠢ ᠪᠠ ᠰᠢᠯᠢᠳᠡᠭ ᠢ ᠰᠢᠯᠭᠠᠷᠠᠭᠤᠯᠬᠤ᠂ ᠠᠵᠢᠯ ᠤᠨ ᠪᠠᠶᠢᠷᠢ ᠶᠢ | ᠳᠡᠪᠰᠢᠭᠦᠯᠬᠦ ᠵᠡᠷᠭᠡ ᠠᠵᠢᠯ ᠤᠨ ᠳᠤᠮᠳᠠ ᠢᠲᠡᠭᠡᠮᠵᠢ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠶᠢ | ᠴᠢᠩᠭᠠᠳᠬᠠᠪᠠ᠃ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠲᠠ ᠶᠢᠨ ᠢᠲᠡᠭᠡᠮᠵᠢ ᠶᠢᠨ | ᠪᠠᠶᠢᠭᠤᠯᠤᠯᠲᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠢ ᠳᠠᠭᠠᠭᠠᠨ ᠡᠷᠬᠢᠯᠡᠵᠦ᠂ ᠦᠨᠡᠨᠴᠢ ᠢᠲᠡᠭᠡᠮᠵᠢ ᠶᠢ | ᠡᠷᠬᠢᠮᠯᠡᠭᠰᠡᠨ ᠬᠥᠭᠵᠢᠯᠲᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ 2024 | ᠣᠨ ᠳᠤ ᠦᠨᠡᠨᠴᠢ ᠢᠲᠡᠭᠡᠮᠵᠢᠲᠡᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠲᠠᠢ | ᠬᠤᠲᠠ ᠳᠤ ᠵᠢᠭᠰᠠᠭᠠᠭᠳᠠᠪᠠ᠃ | ︵ᠭᠤᠷᠪᠠ︶ ᠬᠠᠤᠯᠢ ᠶᠣᠰᠣᠭᠠᠷ ᠵᠠᠰᠠᠭ ᠪᠠᠷᠢᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠪᠠ᠃ | ᠨᠢᠭᠡ ᠳᠤ ᠲᠣᠭᠲᠠᠭᠠᠬᠤ ᠥᠭᠡᠷᠡᠴᠢᠯᠡᠬᠦ ᠬᠦᠴᠦᠨ ᠦᠭᠡᠢ ᠪᠣᠯᠭᠠᠬᠤ ᠶᠢ ᠵᠢᠷᠤᠮᠵᠢᠭᠤᠯᠪᠠ᠃ 8 ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ᠂ 2 ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠪᠠ︔ | 8 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ 4 ᠵᠠᠰᠠᠭ ᠤᠨ ᠣᠷᠳᠣᠨ ᠤ ᠳᠦᠷᠢᠮ ᠲᠣᠭᠲᠠᠭᠠᠯ ᠢ | ᠬᠦᠴᠦᠨ ᠦᠭᠡᠢ ᠪᠣᠯᠭᠠᠪᠠ︔ 53ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠦᠭᠡᠢ ᠪᠣᠯᠤᠭᠰᠠᠨ᠂ | 26 ᠶᠢᠨ ᠬᠦᠴᠦᠨ ᠦᠭᠡᠢ ᠪᠤᠯᠭᠠᠭᠰᠠᠨ ᠢ ᠨᠡᠶᠢᠲᠡᠯᠡᠪᠡ᠃ ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠤ ᠬᠠᠤᠯᠢ | ᠲᠣᠭᠲᠠᠭᠠᠬᠤ ᠶᠢ ᠴᠢᠩᠭᠠᠳᠬᠠᠪᠠ᠃ ︽ᠬᠤᠲᠠ ᠶᠢ ᠲᠣᠭᠤᠷᠢᠭᠰᠠᠨ ᠤᠰᠤᠨ ᠪᠦᠰᠡ ᠶᠢ ᠬᠠᠮᠠᠭᠠᠯᠠᠬᠤ ᠳᠦᠷᠢᠮ︾ ︽ | ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ︽ᠮᠦᠽᠧᠢ ᠶᠢᠨ | ᠬᠥᠭᠵᠢᠯᠲᠡ ᠶᠢ ᠠᠬᠢᠭᠤᠯᠬᠤ ᠳᠦᠷᠢᠮ︾ ︽ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠲᠡᠩᠭᠡᠯᠢᠭ ᠢ | ᠬᠠᠮᠠᠭᠠᠯᠠᠬᠤ ᠳᠦᠷᠢᠮ︾ ᠵᠡᠷᠭᠡ 4 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠨᠡᠶᠢᠲᠡᠯᠡᠬᠦ ᠶᠢ | ᠲᠦᠯᠬᠢᠨ ᠠᠬᠢᠭᠤᠯᠵᠤ᠂ ᠠᠩᠬ᠎ᠠ ᠤᠳᠠᠭ᠎ᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ︽ | ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ ᠢ ᠲᠣᠭᠲᠠᠭᠠᠪᠠ᠃ ᠭᠤᠷᠪᠠ ᠳᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠪᠠ᠃ ᠬᠠᠤᠯᠢ ᠶᠣᠰᠣᠴᠢ ᠴᠢᠨᠠᠷ ᠤᠨ | ᠤᠷᠢᠳᠠᠴᠢ ᠬᠢᠨᠠᠨ ᠪᠠᠶᠢᠴᠠᠭᠠᠯᠲᠠ ᠪᠠ ᠭᠤᠤᠯᠴᠢ ᠴᠢᠨᠠᠷ ᠤᠨ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠵᠠᠪᠠᠯ ᠬᠢᠨᠠᠬᠤ ᠠᠭᠤᠯᠭ᠎ᠠ ᠪᠣᠯᠭᠠᠵᠤ᠂ ᠭᠤᠤᠯᠴᠢ | ᠥᠷᠢᠰᠦᠯᠳᠦᠭᠡᠨ ᠢ ᠵᠥᠷᠢᠴᠡᠭᠰᠡᠨ ᠢ ᠬᠢᠨᠠᠨ ᠪᠠᠶᠢᠴᠠᠭᠠᠵᠤ ᠴᠡᠪᠡᠷᠯᠡᠬᠦ ᠠᠵᠢᠯᠯᠠᠭ᠎ᠠ ᠶᠢ ᠥᠷᠨᠢᠭᠦᠯᠵᠦ᠂ ᠨᠡᠶᠢᠲᠡᠯᠡᠭᠰᠡᠨ | ᠪᠢᠴᠢᠭ ᠮᠠᠲ᠋ᠧᠷᠢᠶᠠᠯ ᠲᠥᠷᠥ ᠶᠢᠨ ᠪᠣᠳᠣᠯᠭ᠎ᠠ ᠪᠦᠷᠢ ᠴᠥᠮ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨ ᠬᠦ | ᠪᠠᠲᠤᠯᠠᠪᠠ᠃ | ︵ᠳᠥᠷᠪᠡ︶ ᠬᠠᠤᠯᠢ ᠶᠣᠰᠣᠭᠠᠷ ᠵᠠᠰᠠᠭ ᠪᠠᠷᠢᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠨᠢᠭᠡ ᠳᠤ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠪᠠ᠃ ᠣᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠢ ᠴᠠᠭ ᠲᠤᠬᠠᠢ ᠳᠤ ᠨᠢ | ᠲᠣᠭᠲᠠᠭᠠᠬᠤ ᠶᠢᠨ ᠬᠠᠮᠲᠤ ᠲᠣᠬᠢᠷᠠᠭᠤᠯᠤᠯᠲᠠ ᠬᠢᠵᠦ᠂ ᠰᠢᠢᠳᠪᠦᠷᠢᠲᠦ ᠪᠣᠳᠣᠯᠭ᠎ᠠ ᠶᠢᠨ ᠬᠠᠷᠢᠭᠤᠴᠠᠯᠭ᠎ᠠ ᠶᠢ | ᠲᠣᠳᠣᠷᠬᠠᠢ ᠪᠣᠯᠭᠠᠨ᠂ ᠰᠢᠢᠳᠪᠦᠷᠢᠲᠦ ᠪᠣᠳᠣᠯᠭ᠎ᠠ ᠶᠢ ᠡᠬᠢᠯᠡᠭᠦᠯᠬᠦ᠂ ᠣᠯᠠᠨ ᠨᠡᠶᠢᠲᠡ ᠶᠢᠨ ᠣᠷᠣᠯᠴᠠᠬᠤ᠂ ᠲᠤᠰᠬᠠᠢ | ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ | ᠲᠣᠭᠲᠠᠭᠠᠬᠤ ᠵᠡᠷᠭᠡ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠬᠠᠤᠯᠢ ᠪᠠᠷ ᠲᠣᠭᠲᠠᠭᠠᠭᠰᠠᠨ | ᠡᠷᠬᠡ ᠮᠡᠳᠡᠯ ᠤᠨ ᠬᠡᠪᠴᠢᠶ᠎ᠡ ᠶᠢ ᠴᠢᠩᠭ᠎ᠠ ᠵᠢᠷᠤᠮᠯᠠᠨ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠬᠠᠤᠯᠢ | ᠶᠣᠰᠣᠭᠠᠷ ᠭᠦᠢᠴᠡᠳᠬᠡᠵᠦ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠬᠤᠶᠠᠷ ᠲᠤ | ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ | ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠪᠥᠬᠦ ᠬᠤᠲᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠵᠢᠱᠢᠶ᠎ᠡ ᠶᠢᠨ ᠡᠮᠬᠢᠳᠬᠡᠯ ᠪᠠ ᠦᠨᠳᠦᠰᠦᠨ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ︽ᠭᠠᠷ ᠳᠡᠪᠲᠡᠷ︾ ᠢ ᠲᠣᠭᠲᠠᠭᠠᠨ ᠲᠠᠷᠬᠠᠭᠠᠵᠤ᠂ ᠪᠥᠬᠦ ᠬᠤᠲᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠮᠥᠷᠥᠶᠢᠴᠡᠭᠡᠨ ᠢ ᠡᠷᠭᠢᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠶᠡᠭᠡ ᠪᠠᠷ | ᠳᠡᠭᠡᠭᠰᠢᠯᠡᠭᠦᠯᠪᠡ᠃ ᠭᠤᠷᠪᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ | ᠃ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ 4835 ᠵᠦᠢᠯᠡᠰ ᠤᠨ ᠨᠠᠷᠢᠨ | ᠬᠠᠭᠤᠳᠠᠰᠤ ᠶᠢ ᠨᠡᠶᠢᠲᠡᠯᠡᠪᠡ᠃ ᠪᠥᠬᠦ ᠬᠤᠲᠠ ᠶᠢᠨ 54 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠢᠯᠣᠭᠤᠳᠤᠨ ᠡᠷᠬᠡ ᠣᠯᠭᠤᠭᠰᠠᠨ ᠵᠦᠢᠯᠡᠰ ᠢ ᠲᠠᠨᠢᠵᠤ | ᠠᠪᠬᠤ ᠪᠠ ᠨᠡᠶᠢᠲᠡᠯᠡᠵᠦ᠂ ︽ᠨᠢᠭᠡ ᠰᠢᠶᠠᠩ ᠪᠠᠯᠭᠠᠰᠤ ᠳᠤ ᠨᠢᠭᠡ ᠨᠠᠷᠢᠨ ᠬᠠᠭᠤᠳᠠᠰᠤ︾ ᠭᠠᠷᠭᠠᠪᠠ᠃ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠠᠵᠤ ᠠᠬᠤᠶᠢᠯᠠᠯ ᠳᠤ ︽ᠨᠢᠭᠡ ᠤᠳᠠᠭ᠎ᠠ ᠶᠢᠨ | ᠶᠡᠷᠦᠩᠬᠡᠶᠢᠯᠡᠭᠰᠡᠨ ᠪᠠᠶᠢᠴᠠᠭᠠᠯᠲᠠ︾ ᠬᠢᠵᠦ᠂ ︽ᠤᠴᠢᠷ ᠦᠭᠡᠢ ᠪᠣᠯ ᠬᠠᠷᠰᠢᠯᠠᠬᠤ ᠦᠭᠡᠢ︾ ᠬᠠᠤᠯᠢ ᠪᠠᠷ ᠵᠠᠰᠠᠬᠤ | ᠡᠵᠡᠩᠨᠡᠯᠲᠡ ᠶᠢᠨ ᠣᠷᠴᠢᠨ ᠨᠥᠬᠦᠴᠡᠯ ᠢ ᠪᠤᠢ ᠪᠣᠯᠭᠠᠪᠠ᠃ ᠤᠶᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ | ᠬᠡᠷᠡᠭᠵᠢᠭᠦᠯᠵᠦ᠂ ︽ᠲᠣᠷᠭᠠᠭᠤᠯᠢ ᠠᠴᠠ ᠬᠡᠯᠲᠦᠷᠢᠭᠦᠯᠬᠦ ᠲᠣᠷᠭᠠᠭᠤᠯᠢ ᠶᠢ ᠬᠥᠩᠭᠡᠯᠡᠬᠦ ᠨᠠᠷᠢᠨ ᠬᠠᠭᠤᠳᠠᠰᠤ︾ ᠶᠢᠨ 3. | 0 ᠬᠡᠪ ᠢ ᠨᠡᠶᠢᠲᠡᠯᠡᠵᠦ᠂ ᠲᠣᠷᠭᠠᠭᠤᠯᠢ ᠠᠴᠠ ᠬᠡᠯᠲᠦᠷᠢᠭᠦᠯᠬᠦ ᠲᠣᠷᠭᠠᠭᠤᠯᠢ ᠶᠢ ᠬᠥᠩᠭᠡᠯᠡᠬᠦ ᠵᠦᠢᠯᠡᠰ ᠢ 160 ᠵᠦᠢᠯ | ᠲᠡᠭᠦᠯᠳᠡᠷᠵᠢᠭᠦᠯᠪᠡ᠃ | ︵ᠲᠠᠪᠤ︶ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ ᠳᠣᠯᠭᠢᠨ ᠠᠬᠢᠭᠤᠯᠪᠠ᠃ | ᠨᠢᠭᠡ ᠳᠤ ᠬᠡᠷᠡᠭ ᠶᠠᠪᠤᠳᠠᠯ ᠢ ᠴᠣᠮᠬᠠᠳᠬᠠᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ | ᠦᠢᠯᠡᠴᠢᠯᠡᠭᠡᠨ ᠤ 1296 ᠵᠦᠢᠯᠡᠰ ᠢ 405 ᠪᠣᠯᠲᠠᠯ᠎ᠠ ᠴᠤᠮᠬᠠᠳᠬᠠᠵᠤ᠂ ᠪᠦᠬᠦ ᠤᠯᠤᠰ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠴᠥᠭᠡᠨ ᠬᠤᠲᠠ ᠶᠢᠨ ᠡᠩᠨᠡᠭᠡᠨ ᠳᠤ ᠣᠷᠣᠪᠠ᠃ ᠬᠤᠶᠠᠷ ᠲᠤ | ᠡᠷᠬᠡ ᠮᠡᠳᠡᠯ ᠢ ᠳᠣᠷᠣᠭᠰᠢ ᠪᠠᠭᠤᠯᠭᠠᠪᠠ᠃ 143 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠦᠷᠢᠶᠡᠯᠡᠩ ᠲᠣᠭᠤᠷᠢᠭ ᠲᠤ ᠪᠠᠭᠤᠯᠭᠠᠵᠤ᠂ ︽ᠬᠦᠷᠢᠶᠡᠯᠡᠩ | ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ ᠪᠡᠶᠡᠯᠡᠭᠦᠯᠪᠡ᠃ ᠭᠤᠷᠪᠠ ᠳᠤ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 166 ︽ᠨᠢᠭᠡ ᠤᠴᠢᠷ ᠢ ᠥᠨᠳᠥᠷ ᠪᠦᠲᠦᠮᠵᠢᠲᠡᠢ ᠭᠦᠢᠴᠡᠳᠬᠡᠬᠦ︾ | ᠭᠠᠷᠴᠠᠭ ᠢ ᠭᠠᠷᠭᠠᠵᠤ᠂ ᠭᠦᠢᠴᠡᠳᠬᠡᠬᠦ ᠴᠠᠭ ᠢ ᠳᠤᠮᠳᠠᠴᠢ ᠪᠠᠷ 74.3% ᠪᠠᠭᠤᠷᠠᠭᠤᠯᠪᠠ᠃ ᠳᠥᠷᠪᠡ ᠳᠤ ᠣᠷᠣᠨ | ᠪᠦᠰᠡ ᠠᠯᠤᠰᠯᠠᠨ ᠨᠡᠶᠢᠳᠡᠮ ᠭᠦᠢᠴᠡᠳᠬᠡᠬᠦ ᠪᠣᠯᠪᠠ᠃ ᠪᠡᠭᠡᠵᠢᠩ ᠲᠢᠶᠠᠨᠵᠢᠨ ᠾᠧᠪᠧᠢ ᠶᠢᠨ ︽ᠣᠷᠣᠨ ᠪᠦᠰᠡ | ᠠᠯᠤᠰᠯᠠᠨ ᠨᠡᠶᠢᠳᠡᠮ ᠭᠦᠢᠴᠡᠳᠬᠡᠬᠦ︾ ᠬᠤᠲᠠ ᠶᠢᠨ ᠴᠤᠭᠯᠠᠷᠠᠯ ᠳᠤ ᠣᠷᠣᠵᠤ᠂ ᠨᠡᠶᠢᠳᠡᠮ ᠭᠦᠢᠴᠡᠳᠬᠡᠬᠦ ᠵᠦᠢᠯᠡᠰ | 214 ᠬᠦᠷᠪᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠨᠢᠭᠡ ᠴᠠᠭ ᠤᠨ ᠬᠤᠲᠠ ᠶᠢᠨ ᠲᠣᠭᠤᠷᠢᠭ︾ | ᠢ ᠪᠦᠲᠦᠭᠡᠨ ᠪᠠᠶᠢᠭᠤᠯᠵᠤ᠂ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠵᠦᠢᠯᠡᠰ 337 337ᠬᠦᠷᠪᠡ᠃ | | ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠡᠭᠦᠯᠳᠡᠷᠵᠢᠭᠦᠯᠪᠡ᠃ ᠨᠢᠭᠡ ᠳᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠢ ᠪᠣᠳᠠᠲᠠᠢ ᠬᠢᠪᠡ᠃ ︽ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠵᠦ ᠡᠶᠡᠳᠡᠭᠦᠯᠬᠦ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠥᠯ︾ ᠢ | ᠲᠣᠭᠲᠠᠭᠠᠵᠤ᠂ ᠬᠤᠳᠠ ᠶᠢᠨ ᠱᠠᠲᠤᠨ ᠠᠴᠠ ᠬᠠᠮᠢᠶᠠᠷᠤᠯᠲᠠ ᠶᠢᠨ ᠲᠣᠣᠷ ᠬᠦᠷᠲᠡᠯᠡᠬᠢ ᠲᠠᠪᠤᠨ ᠱᠠᠲᠤᠨ ᠤ ᠠᠵᠢᠯ ᠤᠨ | ᠰᠢᠰᠲ᠋ᠧᠮᠵᠢ ᠶᠢ ᠲᠡᠭᠦᠯᠳᠡᠷᠵᠢᠭᠦᠯᠪᠡ᠂ ᠪᠦᠬᠦ ᠬᠤᠲᠠ ᠳᠤ ︽ᠨᠢᠭᠡ ᠥᠷᠲᠡᠭᠡ ᠮᠠᠶ᠋ᠢᠭ︾ ᠤᠨ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠲᠥᠪ ᠢ 63 ᠪᠠᠶᠢᠭᠤᠯᠵᠤ᠂ ᠡᠮ ᠡᠮᠨᠡᠯᠭᠡ᠂ ᠠᠳᠠᠯ ᠠᠬᠤᠢ ᠵᠡᠷᠭᠡ ᠠᠵᠢᠯ | ᠲᠥᠷᠥᠯ ᠤᠨ ᠴᠢᠨᠠᠷᠲᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ 84 ᠪᠠᠶᠢᠭᠤᠯᠵᠤ᠂ ᠠᠷᠠᠳ ᠤᠨ ᠡᠶᠡᠳᠡᠭᠦᠯᠬᠦ | ᠵᠥᠪᠯᠡᠯ ᠢ 1627 ᠪᠠᠶᠢᠭᠤᠯᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠭᠰᠡᠨ ᠲᠤᠭ᠎ᠠ | ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠵᠦ᠂ ᠵᠠᠬᠢᠳᠠᠯ ᠰᠣᠷᠪᠤᠯᠵᠢᠯᠠᠭ᠎ᠠ ᠶᠢᠨ ᠶᠡᠷᠦᠩᠬᠡᠢ ᠲᠤᠭ᠎ᠠ | ᠠᠳᠠᠯᠢ ᠬᠤᠭᠤᠴᠠᠭᠠᠨ ᠤ ᠬᠢ ᠠᠴᠠ 24.7% ᠪᠠᠷ ᠪᠠᠭᠤᠷᠠᠪᠠ᠃ ᠬᠤᠶᠠᠷ ᠲᠤ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠪᠥᠬᠦ ᠬᠤᠲᠠ ᠳᠤ 1257 ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠷᠣᠨ ᠤ ᠲᠥᠪ ᠬᠤᠲᠠ ᠶᠢᠨ ︽30 ᠮᠢᠨᠦ᠋ᠲ ᠤᠨ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠤᠷᠢᠭ︾ ᠢ ᠪᠥᠬᠦ ᠬᠦᠴᠦᠨ ᠢᠶᠠᠷ ᠢᠶᠠᠨ | ᠴᠣᠭᠴᠠᠯᠠᠪᠠ᠃ ᠪᠥᠬᠦ ᠬᠤᠲᠠ ᠶᠢᠨ 2 ᠨᠢᠭᠡᠴᠢ᠂ 4 ᠬᠤᠪᠢ ᠬᠥᠮᠥᠨ ᠪᠥᠬᠦ ᠤᠯᠤᠰ ᠤᠨ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠲᠡᠷᠢᠭᠦᠨ ᠤ ᠬᠥᠬᠢᠭᠦᠯᠦᠯ ᠢ ᠭᠥᠷᠳᠡᠪᠡ᠃ ᠭᠤᠷᠪᠠ ᠳᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠨᠠᠷᠢᠯᠢᠭ ᠬᠢᠪᠡ᠃ ᠬᠠᠤᠯᠢ | ᠲᠦᠭᠡᠮᠡᠯᠵᠢᠭᠦᠯᠬᠦ ᠣᠨ ᠤ ᠲᠥᠯᠥᠪᠯᠡᠭᠡ ᠪᠠ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠲᠣᠭᠲᠠᠭᠠᠵᠤ᠂ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠵᠡᠷᠭᠡ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ 286 ᠤᠳᠠᠭ᠎ᠠ ᠥᠷᠨᠢᠭᠦᠯᠵᠦ᠂ 40 ᠭᠠᠷᠤᠢ ᠲᠦᠮᠡᠨ ᠬᠥᠮᠥᠨ ᠢ ᠬᠠᠮᠤᠷᠪᠠ᠃ | 1 ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ᠂ 7 ᠬᠠᠤᠯᠢᠵᠢᠯ ᠤᠨ ᠲᠠᠯᠠᠪᠠᠶ᠂ | 1875 ᠬᠠᠤᠯᠢᠵᠢᠯ ᠤᠨ ᠰᠣᠶᠣᠯ ᠤᠨ ᠭᠤᠣᠯ ᠰᠡᠳᠦᠪᠲᠦ ᠲᠠᠯᠠᠪᠠᠶ ︵ᠴᠡᠴᠡᠷᠯᠢᠭ᠂ ᠬᠤᠩᠭᠢᠯ︶ ᠶᠢ ᠪᠠᠶᠢᠭᠤᠯᠪᠠ᠃ | ᠪᠥᠬᠦ ᠬᠤᠲᠠ ᠶᠢᠨ 3 ᠨᠢᠭᠡᠴᠢ ᠪᠠ 2 ᠬᠤᠪᠢ ᠬᠥᠮᠥᠨ ᠪᠥᠬᠦ ᠤᠯᠤᠰ ᠤᠨ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠲᠡᠷᠢᠭᠦᠨ ᠤ ᠬᠥᠬᠢᠭᠦᠯᠦᠯ ᠢ ᠭᠥᠷᠳᠡᠪᠡ᠃ | ︵ᠳᠤᠯᠤᠭ᠎ᠠ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠵᠤ ᠬᠢᠨᠠᠯᠲᠠ ᠲᠠᠯᠪᠢᠬᠤ ᠶᠢ ᠴᠢᠩᠭᠠᠳᠬᠠᠪᠠ᠃ | ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠪᠠ᠃ 8962 | ᠬᠤᠪᠢ ᠵᠠᠰᠠᠭ ᠤᠨ ᠣᠷᠳᠣᠨ ᠤ ᠮᠡᠳᠡᠭᠡ ᠵᠠᠩᠭᠢ᠂ 742 ᠬᠤᠪᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ | ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠢ ᠢᠯᠡ ᠪᠣᠯᠭᠠᠬᠤ | ᠭᠤᠶᠤᠴᠢᠯᠠᠯ ᠤᠨ ᠠᠷᠭ᠎ᠠ ᠵᠠᠮ ᠢ ᠰᠢᠯᠤᠭᠤᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠢ 1714 ᠬᠤᠪᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ | ᠨᠢ 100% ᠬᠦᠷᠪᠡ᠃ ᠬᠤᠶᠠᠷ ᠲᠤ ᠭᠠᠳᠠᠨᠠᠬᠢ ᠶᠢᠨ ᠬᠢᠨᠠᠯᠲᠠ ᠶᠢ ᠬᠦᠯᠢᠶᠡᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ 317 ᠬᠤᠪᠢ᠂ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ 491ᠬᠤᠪᠢ ᠶᠢ ᠳᠠᠭᠠᠭᠠᠨ ᠭᠦᠢᠴᠡᠳᠬᠡᠵᠦ᠂ ᠬᠠᠷᠢᠭᠤᠯᠲᠠ ᠥᠭᠭᠦᠭᠰᠡᠨ ᠨᠣᠷᠮ᠎ᠠ 100 % ᠬᠦᠷᠪᠡ | ᠃ ᠬᠠᠤᠯᠢ ᠴᠠᠭᠠᠵᠠ ᠶᠢᠨ ᠰᠠᠨᠠᠭᠤᠯᠭ᠎ᠠ ᠶᠢ 5 ᠬᠤᠪᠢ ᠳᠠᠭᠠᠭᠠᠨ ᠭᠦᠢᠴᠡᠳᠬᠡᠵᠦ᠂ ᠬᠠᠷᠢᠭᠤᠯᠲᠠ ᠥᠭᠭᠦᠭᠰᠡᠨ | ᠨᠣᠷᠮ᠎ᠠ ᠨᠢ 100 % ᠬᠦᠷᠪᠡ᠃ ᠭᠤᠷᠪᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠢ ᠰᠠᠶᠢᠲᠤᠷ ᠬᠢᠪᠡ | ᠃ ᠪᠦᠬᠦ ᠵᠢᠯ ᠳᠤ 1997 ᠬᠤᠪᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠢᠳᠪᠦᠷᠢᠯᠡᠨ | ᠳᠠᠭᠤᠰᠬᠠᠵᠤ᠂ ᠠᠳᠠᠯᠢ ᠬᠤᠭᠤᠴᠠᠭᠠᠨ ᠤ ᠬᠢ ᠠᠴᠠ 260% ᠪᠠᠷ ᠨᠡᠮᠡᠭᠳᠡᠪᠡ᠃ ᠵᠠᠰᠠᠭ ᠵᠠᠬᠢᠷᠭᠠᠨ ᠢᠶᠠᠷ ᠳᠠᠬᠢᠨ | ᠵᠥᠪᠯᠡᠵᠦ ᠵᠠᠯᠠᠷᠠᠭᠤᠯᠤᠭᠰᠠᠨ ᠨᠣᠷᠮ᠎ᠠ ᠠᠳᠠᠯᠢ ᠬᠤᠭᠤᠴᠠᠭᠠᠨ ᠠᠴᠠ 11% ᠪᠠᠷ ᠳᠣᠷᠣᠭᠰᠢᠯᠠᠪᠠ᠃ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ | 100% ᠬᠦᠷᠪᠡ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ | ᠨᠢᠭᠡ ᠵᠢᠯ ᠤᠨ ᠲᠤᠷᠰᠢ᠂ ᠮᠠᠨ ᠤ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ | ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ | ᠨᠢᠭᠡ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ | ᠵᠢᠷᠤᠮᠵᠢᠯ ᠭᠦᠢᠴᠡᠳ ᠦᠭᠡᠢ᠂ ᠣᠯᠠᠨ ᠨᠡᠶᠢᠲᠡ ᠶᠢᠨ ᠣᠷᠣᠯᠴᠠᠭ᠎ᠠ ᠶᠢᠨ ᠬᠡᠮᠵᠢᠶ᠎ᠡ ᠥᠨᠳᠥᠷ ᠪᠤᠰᠤ ᠠᠰᠠᠭᠤᠳᠠᠯ ᠮᠥᠨ | ᠬᠦ ᠣᠷᠣᠰᠢᠭᠰᠠᠭᠠᠷ ᠪᠠᠶᠢᠨ᠎ᠠ᠃ ᠬᠤᠶᠠᠷ ᠲᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠲᠡᠩᠴᠡᠭᠦᠷᠢ | ᠦᠭᠡᠢ᠂ ᠣᠨᠴᠠ ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠬᠤᠯᠠᠴᠢᠯᠠᠬᠤ ᠬᠡᠷᠡᠭᠲᠡᠢ ᠪᠠᠶᠢᠨ᠎ᠠ᠃ ᠭᠤᠷᠪᠠ ᠳᠤ | ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠪᠠᠰᠠ ᠨᠡᠯᠢᠶᠡᠳ ᠪᠠᠭᠤᠷᠠᠢ ᠪᠠᠶᠢᠵᠤ᠂ | ᠢᠯᠠᠩᠭᠤᠶ᠎ᠠ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠬᠦᠷᠦᠯᠴᠡᠬᠦ ᠦᠭᠡᠢ᠂ ᠬᠡᠪ ᠪᠣᠯᠪᠠᠰᠤᠷᠠᠯ | ᠥᠨᠳᠥᠷ ᠪᠢᠰᠢ ᠪᠠᠶᠢᠨ᠎ᠠ᠃ | ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ᠨᠢᠭᠡ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ | ᠲᠤᠭᠤᠰᠢᠯᠠᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ | ᠭᠤᠣᠯ ᠳᠤᠭᠤᠶᠢᠯᠠᠩ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠠᠶᠢᠩᠭᠤ ᠰᠤᠷᠤᠯᠴᠠᠵᠤ᠂ ᠡᠯ᠎ᠡ | ᠱᠠᠲᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ | ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠵᠤᠷᠪᠤᠰᠯᠠᠬᠤ ᠶᠢ ᠦᠷᠭᠦᠯᠵᠢᠯᠡᠨ ᠠᠬᠢᠭᠤᠯᠵᠤ᠂ | ᠰᠢᠬᠠᠮᠳᠠᠭᠤᠯᠵᠤ ᠪᠠᠶᠢᠭᠠᠳ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠢ ᠨᠠᠶᠢᠳᠠᠪᠤᠷᠢᠵᠢᠭᠤᠯᠤᠨ᠎ᠠ᠃ | ᠬᠤᠶᠠᠷ ᠲᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠤᠨ᠎ᠠ᠃ | ᠴᠤᠪᠤᠷᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠭᠤᠣᠯᠳᠠᠯᠭ᠎ᠠ ᠶᠢ ᠵᠢᠷᠤᠮᠵᠢᠭᠤᠯᠤᠨ᠂ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠦᠬᠦᠨ ᠳᠤ ᠪᠦᠷᠬᠦᠭᠦᠯᠵᠦ᠂ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠠᠰ ᠳᠠᠷᠠᠭᠠᠯᠠᠯ ᠢ ᠭᠦᠢᠴᠡᠳᠬᠡᠬᠦ ᠳᠤ ᠪᠠᠨ ᠣᠷᠬᠢᠭᠳᠠᠭᠤᠯᠬᠤ ᠦᠭᠡᠢ᠂ ᠬᠢᠨᠠᠨ ᠪᠠᠶᠢᠴᠠᠭᠠᠬᠤ | ᠬᠤᠭᠤᠴᠠᠭ᠎ᠠ ᠶᠢ ᠪᠠᠲᠤᠯᠠᠨ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ᠂ | ᠠᠷᠠᠳᠴᠢᠯᠠᠯ ᠲᠠᠢ᠂ ᠬᠠᠤᠯᠢᠵᠢᠯ ᠲᠠᠢ ᠲᠣᠭᠲᠠᠭᠠᠨ᠎ᠠ᠃ ᠭᠤᠷᠪᠠ ᠳᠤ ᠴᠢᠩᠭ᠎ᠠ ᠵᠢᠷᠤᠮᠵᠢᠯ ᠲᠠᠢ ᠲᠥᠪ ᠭᠤᠣᠯᠴᠢ | ᠪᠣᠯᠪᠠᠰᠤᠨ ᠬᠠᠤᠯᠢ ᠬᠡᠷᠡᠭᠵᠢᠭᠦᠯᠦᠯᠲᠡ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ | ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠠᠯ᠎ᠠ ᠪᠠᠷ | ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠳᠥᠷᠪᠡ ᠳᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠂ ᠪᠦᠬᠦᠯᠢ ᠡᠳᠦᠷ ᠤᠨ᠂ ᠡᠷᠴᠢᠮᠵᠢᠭᠦᠯᠦᠭᠰᠡᠨ ᠮᠠᠶ᠋ᠢᠭ ᠤᠨ᠂ ᠨᠢᠭᠡ | ᠥᠷᠲᠡᠭᠡ ᠮᠠᠶ᠋ᠢᠭ ᠤᠨ ᠣᠷᠣᠨ ᠤ ᠲᠥᠪ ᠬᠤᠲᠠ ᠶᠢᠨ ᠬᠠᠤᠯᠢᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠨ | ᠪᠠᠶᠢᠭᠤᠯᠵᠤ᠂ ᠬᠤᠲᠠ ᠬᠥᠳᠡᠭᠡ ᠶᠢ ᠪᠦᠷᠬᠦᠭᠰᠡᠨ᠂ ᠳᠥᠭᠦᠮ ᠳᠥᠲᠡ ᠥᠨᠳᠥᠷ ᠪᠦᠲᠦᠮᠵᠢᠲᠡᠶ᠂ ᠠᠳᠠᠯᠢ ᠲᠡᠭᠰᠢ | ᠲᠦᠭᠡᠮᠡᠯ ᠬᠠᠷᠠᠭᠠᠯᠵᠠᠯ ᠲᠠᠢ᠂ ᠣᠶᠤᠨᠴᠢ ᠨᠠᠷᠢᠯᠢᠭ ᠣᠨᠣᠴᠠᠲᠠᠢ ᠣᠳᠣᠬᠢᠴᠢᠯᠠᠭᠰᠠᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠲᠠᠪᠤ ᠳᠤ ᠬᠠᠤᠯᠢ ᠪᠠᠷ ᠵᠠᠰᠠᠬᠤ | ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠡᠩᠨᠡᠭᠡᠨ ᠤ ᠬᠥᠮᠦᠵᠢᠯ | ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠳᠣᠲᠣᠭᠠᠳᠤ ᠳᠤ ᠪᠠᠨ ᠪᠣᠯᠪᠠᠰᠤᠷᠠᠯ ᠬᠢᠵᠦ ᠭᠠᠳᠠᠨ᠎ᠠ ᠠᠴᠠ | ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠬᠦᠴᠦᠨ ᠤ | ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠰᠠᠭᠤᠷᠢ ᠶᠢ | ᠪᠠᠬᠢᠵᠢᠭᠦᠯᠦᠨ᠎ᠡ᠃ | |