ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ | ᠢᠶᠠᠷ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠬᠴᠢᠳ ᠤᠨ ᠰᠤᠷᠭᠠᠨ ᠬᠥᠮᠦᠵᠢᠯ ᠭᠦᠷᠳᠡᠭᠦ ᠡᠷᠬᠡ ᠶᠢ ᠦᠨᠡᠨ | ᠬᠦ ᠪᠠᠲᠤᠯᠠᠵᠤ᠂ ᠰᠤᠷᠭᠠᠨ ᠬᠥᠮᠦᠵᠢᠯ ᠤᠨ ᠭᠤᠥᠯᠴᠢ ᠪᠠᠶᠢᠬᠤ ᠶᠢ ᠠᠬᠢᠭᠤᠯᠬᠤ ᠶᠢᠨ ᠲᠥᠯᠥᠭᠡ᠂ ᠤᠯᠤᠰ ᠪᠠ | ᠥᠪᠡᠷᠲᠡᠭᠡᠨ ᠵᠠᠰᠠᠬᠤ ᠣᠷᠣᠨ ᠠᠴᠠ ᠰᠤᠷᠤᠯᠭ᠎ᠠ ᠶᠢᠨ ᠰᠤᠯᠠ ᠵᠠᠷᠤᠳᠠᠯ᠂ ᠬᠢᠴᠢᠶᠡᠯ ᠤᠨ ᠪᠢᠴᠢᠭ ᠢ ᠰᠦᠢᠳᠬᠡᠯ | ᠬᠤᠷᠢᠶᠠᠬᠤ ᠦᠭᠡᠢ ᠪᠠᠷ ᠬᠠᠩᠭᠠᠬᠤ ᠠᠴᠠ ᠭᠠᠳᠠᠨ᠎ᠠ ᠤᠯᠤᠰ ᠤᠨ ᠰᠤᠷᠤᠯᠭ᠎ᠠ ᠶᠢ ᠲᠤᠰᠠᠯᠠᠬᠤ ᠮᠥᠩᠭᠦ᠂ | ᠰᠤᠷᠤᠯᠭ᠎ᠠ ᠶᠢᠨ ᠱᠠᠩᠨᠠᠯ ᠤᠨ ᠮᠥᠩᠭᠦ ᠵᠡᠷᠭᠡ ᠣᠯᠠᠨ ᠲᠠᠯ᠎ᠠ ᠠᠴᠠ ᠲᠤᠰᠠᠯᠠᠮᠵᠢ ᠬᠠᠩᠭᠠᠵᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠱᠠᠲᠤ ᠦᠶ᠎ᠡ ᠶᠢ ᠬᠠᠮᠤᠷᠪᠠ᠃ | | ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ | | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ | ᠦᠭᠡᠢ ᠪᠠᠷ ᠬᠠᠩᠭᠠᠨ᠎ᠠ | ᠲᠤᠰᠠᠯᠠᠬᠤ ᠡᠲᠡᠭᠡᠳ᠄ ᠪᠤᠶ ᠪᠦᠬᠦᠢ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠬᠴᠢ︔ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ᠄ ᠰᠣᠷᠣᠬᠴᠢ ᠨᠢᠭᠡᠪᠦᠷᠢ ᠳᠤ ᠵᠢᠯ ᠪᠦᠷᠢ | 2000 ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠬᠦ ᠰᠣᠷᠣᠬᠴᠢ ᠳᠤ | ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠂ ᠰᠤᠷᠤᠯᠭ᠎ᠠ ᠶᠢᠨ ᠰᠤᠯᠠ | ᠵᠠᠷᠤᠳᠠᠯ ᠤᠨ ᠰᠦᠢᠳᠬᠡᠯ ᠨᠢ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠠᠴᠠ | ᠲᠣᠭᠲᠠᠭᠠᠯ ᠶᠣᠰᠣᠭᠠᠷ ᠦᠷᠭᠦᠯᠵᠢᠯᠡᠨ ᠰᠣᠷᠣᠬᠴᠢ ᠠᠴᠠ ᠦᠯᠡᠳᠡᠪᠦᠷᠢ ᠰᠦᠢᠳᠬᠡᠯ ᠢ ᠨᠢ ᠬᠤᠷᠢᠶᠠᠵᠤ ᠪᠣᠯᠣᠨ᠎ᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠤᠰᠠᠯᠠᠮᠵᠢ ᠶᠢᠨ | ᠮᠥᠩᠭᠦ ᠣᠯᠭᠤᠬᠤ ᠡᠲᠡᠭᠡᠳ᠄ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠬᠴᠢᠳ ᠤᠨ ᠳᠣᠲᠣᠷᠠᠬᠢ | ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠬᠴᠢ︔ ᠰᠣᠷᠣᠬᠴᠢ ᠨᠢᠭᠡᠪᠦᠷᠢ ᠳᠤ ᠳᠤᠮᠳᠠᠴᠢ ᠪᠠᠷ ᠵᠢᠯ ᠪᠦᠷᠢ | 2300 ᠲᠥᠭᠦᠷᠢᠭ᠂ ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠲᠠᠢ ᠪᠠᠨ | ᠤᠶᠠᠯᠳᠤᠭᠤᠯᠤᠨ 1200 ~ 3500 ᠲᠥᠭᠦᠷᠢᠭ ᠤᠨ ᠬᠡᠪᠴᠢᠶᠡᠨ ᠳᠤ ᠲᠣᠭᠲᠠᠭᠠᠨ᠎ᠠ᠂ 2 ~ 3 ᠲᠠᠰ | ᠬᠤᠪᠢᠶᠠᠵᠤ ᠪᠣᠯᠣᠨ᠎ᠠ᠃ | | ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ | | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ | ᠬᠠᠩᠭᠠᠨ᠎ᠠ | ᠲᠤᠰᠠᠯᠠᠬᠤ ᠡᠲᠡᠭᠡᠳ᠄ ᠪᠤᠶ ᠪᠦᠬᠦᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ | ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠰᠣᠷᠣᠬᠴᠢ︔ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ᠄ ᠰᠣᠷᠣᠬᠴᠢ ᠨᠢᠭᠡᠪᠦᠷᠢ ᠳᠤ ᠵᠢᠯ ᠪᠦᠷᠢ 2000 | ᠲᠥᠭᠦᠷᠢᠭ᠂ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ | ᠠᠵᠢᠯᠴᠢᠨ ᠤ ᠰᠤᠷᠭᠠᠭᠤᠯᠢ ᠪᠠᠭᠲᠠᠨ᠎ᠠ︶ ᠶᠢᠨ ᠣᠨᠴᠠᠭᠠᠶ ᠪᠤᠰᠤ ᠲᠥᠷᠥᠯ ᠤᠨ ᠲᠤᠰᠬᠠᠢ ᠮᠡᠷᠭᠡᠵᠢᠯ ᠤᠨ | ᠰᠤᠷᠭᠠᠭᠤᠯᠢ ᠳᠤ ᠪᠠᠶᠢᠭ᠎ᠠ ᠰᠤᠷᠤᠬᠴᠢᠳ ᠠᠴᠠ ᠰᠤᠷᠤᠯᠭ᠎ᠠ ᠶᠢᠨ ᠰᠦᠢᠳᠬᠡᠯ ᠢ ᠳᠠᠭᠢᠵᠤ ᠬᠤᠷᠢᠶᠠᠬᠤ ᠦᠭᠡᠢ᠃ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ | ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ | ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠬᠴᠢᠳ ᠲᠤ | ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠵᠤ᠂ ᠰᠤᠷᠤᠯᠭ᠎ᠠ ᠶᠢᠨ ᠰᠦᠢᠳᠬᠡᠯ | ᠨᠢ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠠᠴᠠ ᠲᠣᠭᠲᠠᠭᠠᠯ ᠶᠣᠰᠣᠭᠠᠷ | ᠦᠷᠭᠦᠯᠵᠢᠯᠡᠨ ᠰᠤᠷᠤᠬᠴᠢᠳ ᠠᠴᠠ ᠦᠢᠯᠡᠳᠡᠪᠦᠷᠢ ᠰᠦᠢᠳᠬᠡᠯ ᠢ ᠨᠢ ᠬᠤᠷᠢᠶᠠᠵᠤ ᠪᠣᠯᠣᠨ᠎ᠠ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠣᠨᠴᠠᠭᠠᠢ ᠲᠥᠷᠥᠯ ᠤᠨ ᠲᠤᠰᠬᠠᠢ ᠮᠡᠷᠭᠡᠵᠢᠯ ︵ᠤᠯᠤᠰ ᠤᠨ ᠲᠣᠭᠲᠠᠭᠠᠯ | ᠶᠣᠰᠣᠭᠠᠷ᠂ ᠰᠢ ᠲᠠᠭᠤᠤᠷᠢᠯᠢᠬ ᠤᠨ ᠲᠣᠬᠯᠠᠯᠲᠠ ᠶᠢᠨ ᠲᠤᠰᠬᠠᠢ ᠮᠡᠷᠭᠡᠵᠢᠯ ᠠᠴᠠ ᠪᠤᠰᠤᠳ ᠤᠷᠠᠯᠢᠭ ᠤᠨ | ᠲᠥᠷᠥᠯ ᠤᠨ ᠬᠠᠮᠢᠶ᠎ᠠ ᠪᠦᠬᠦᠢ ᠲᠣᠬᠯᠠᠯᠲᠠ ᠶᠢᠨ ᠲᠤᠰᠬᠠᠢ ᠮᠡᠷᠭᠡᠵᠢᠯ ᠢ ᠵᠢᠭᠠᠵᠤ ᠪᠤᠶ︶ ᠤᠨ ᠰᠣᠷᠣᠬᠴᠢ ᠶᠢᠨ | ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ | ᠪᠠᠷᠢᠮᠵᠢᠶ᠎ᠠ ᠠᠴᠠ ᠥᠨᠳᠥᠷ ᠪᠠᠶᠢᠬᠤ ᠬᠡᠰᠡᠭ ᠢ ᠬᠤᠪᠢ ᠬᠥᠮᠥᠨ ᠡᠭᠦᠷᠭᠡᠯᠡᠨ᠎ᠡ᠃ | | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ | ᠱᠠᠩᠨᠠᠯ ᠤᠨ ᠮᠥᠩᠭᠦ ᠣᠯᠭᠤᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ | ᠡᠳᠦᠷ ᠤᠨ ᠳᠦᠷᠢᠮᠲᠦ ᠬᠤᠶᠠᠳᠤᠭᠠᠷ ᠣᠨ ᠵᠢᠴᠢ ᠲᠡᠭᠦᠨ ᠠᠴᠠ ᠳᠡᠭᠡᠭᠰᠢᠬᠢ ᠰᠣᠷᠣᠬᠴᠢᠳ ᠤᠨ ᠳᠣᠲᠣᠷᠠᠬᠢ | ᠰᠤᠷᠤᠯᠭ᠎ᠠ ᠶᠢᠨ ᠬᠢᠷᠢ ᠪᠦᠲᠦᠮᠵᠢ᠂ ᠤᠷ᠎ᠠ ᠴᠢᠳᠠᠪᠤᠷᠢ ᠶᠢᠨ ᠢᠯᠡᠷᠡᠯ ᠵᠡᠷᠭᠡ ᠲᠠᠯ᠎ᠠ ᠪᠠᠷ ᠣᠨᠴᠠᠭᠠᠶ ᠰᠢᠯᠢᠳᠡᠭ | ᠰᠣᠷᠣᠬᠴᠢ︔ ᠰᠤᠷᠤᠬᠴᠢ ᠪᠦᠷᠢ ᠳᠤ ᠵᠢᠯ ᠪᠦᠷᠢ 6000 ᠲᠥᠭᠦᠷᠢᠭ᠃ | | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ | ᠲᠤᠰᠠᠯᠠᠮᠵᠢ ᠶᠢᠨ ᠮᠥᠩᠭᠦ ᠣᠯᠭᠤᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ | ᠬᠠᠷᠢᠶ᠎ᠠ ᠲᠠᠢ ᠨᠢᠭᠡ ᠬᠤᠶᠠᠷ ᠭᠤᠷᠪᠠᠳᠤᠭᠠᠷ ᠣᠨ ᠤ ᠪᠤᠶ ᠪᠦᠬᠦᠢ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ | ᠪᠠᠭᠲᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠬᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ | ᠮᠡᠷᠭᠡᠵᠢᠯ ᠤᠨ ᠰᠣᠷᠣᠬᠴᠢ ᠪᠠ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠢ ᠮᠡᠷᠭᠡᠵᠢᠯ ᠤᠨ ᠭᠡᠷ ᠪᠦᠯᠢ ᠶᠢᠨ | ᠠᠵᠤ ᠠᠬᠤᠢ ᠨᠢ ᠬᠦᠴᠢᠷᠳᠡᠯᠲᠡᠢ ᠰᠣᠷᠣᠬᠴᠢ︔ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠲᠠᠷᠢᠶᠠᠯᠠᠩ ᠳᠤ ᠬᠤᠯᠪᠣᠭᠳᠠᠬᠤ ᠲᠤᠰᠬᠠᠢ | ᠮᠡᠷᠭᠡᠵᠢᠯ ᠪᠠ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ | ᠬᠦᠴᠢᠷᠳᠡᠯᠲᠡᠢ ᠰᠣᠷᠣᠬᠴᠢ ᠵᠢᠴᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ ᠠᠭᠤᠯᠠᠷᠬᠠᠭ ᠣᠷᠣᠨ ︵ | ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ︶᠂ ᠶᠠᠨᠱᠠᠨ - ᠲᠠᠢ ᠬᠠᠩ ᠱᠠᠨ ᠤ ᠠᠭᠤᠯᠠᠷᠬᠠᠭ ᠣᠷᠣᠨ | ︵ᠬᠤᠸᠠᠳᠧ ᠰᠢᠶᠠᠨ᠂ ᠱᠠᠩᠳᠤ ᠰᠢᠶᠠᠨ᠂ ᠰᠢᠩᠾᠧ ᠰᠢᠶᠠᠨ︶ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ | ᠬᠤᠲᠠ ᠪᠠᠭᠲᠠᠬᠤ ᠦᠭᠡᠢ︶ ᠤ ᠰᠣᠷᠣᠬᠴᠢ ᠶᠢ ᠲᠤᠰᠠᠯᠠᠬᠤ ᠳᠤᠮᠳᠠᠴᠢ ᠪᠠᠷᠢᠮᠵᠢᠶ᠎ᠠ ᠨᠢ ᠰᠣᠷᠣᠬᠴᠢ ᠨᠢᠭᠡᠪᠦᠷᠢ ᠳᠤ | ᠵᠢᠯ ᠳᠤ 2300 ᠲᠥᠭᠦᠷᠢᠭ᠂ ᠪᠤᠰᠤᠳ ᠰᠣᠷᠣᠬᠴᠢ ᠳᠤ ᠵᠢᠯ ᠳᠤ 1500 ᠲᠥᠭᠦᠷᠢᠭ ᠪᠣᠯᠣᠨ᠎ᠠ᠃ | | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠬᠴᠢ ᠶᠢᠨ | ᠪᠠᠶᠢᠷᠢ ᠳᠤ ᠰᠠᠭᠤᠬᠤ ᠵᠠᠷᠤᠳᠠᠯ ᠤᠨ ᠨᠥᠬᠦᠪᠦᠷᠢ ᠣᠯᠭᠤᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ | ᠰᠤᠷᠭᠠᠭᠤᠯᠢ ᠶᠢᠨ ᠬᠠᠷᠢᠶ᠎ᠠ ᠶᠢᠨ ᠨᠢᠭᠡ ᠬᠤᠶᠠᠷ ᠭᠤᠷᠪᠠᠳᠤᠭᠠᠷ ᠣᠨ ᠤ ᠪᠠᠶᠢᠷᠢ ᠳᠤ ᠰᠠᠭᠤᠬᠤ ᠰᠣᠷᠣᠬᠴᠢ ︵ | ᠠᠵᠢᠯᠯᠠᠵᠤ ᠰᠤᠷᠤᠯᠴᠠᠬᠤ ᠶᠢ ᠡᠭᠡᠯᠵᠢᠯᠡᠭᠦᠯᠬᠦ ᠰᠣᠷᠣᠬᠴᠢ ᠶᠢ ᠪᠠᠭᠲᠠᠭᠠᠬᠤ ᠦᠭᠡᠢ︶︔ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ | ᠰᠠᠭᠤᠬᠤ ᠰᠣᠷᠣᠬᠴᠢ ᠳᠤ ᠵᠢᠯ ᠪᠦᠷᠢ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠬᠴᠢ ᠳᠤ ᠵᠢᠯ ᠪᠦᠷᠢ 500 ᠲᠥᠭᠦᠷᠢᠭ ᠪᠣᠯᠣᠨ᠎ᠠ᠃ | |