ᠥᠪᠥᠷ ᠮᠣᠩᠭᠤᠯ ᠤᠨ 2025 ᠣᠨ ᠤ ᠰᠣᠷᠣᠬᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/6/11
  ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ  ᠢᠶᠠᠷ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠬᠴᠢᠳ ᠤᠨ ᠰᠤᠷᠭᠠᠨ ᠬᠥᠮᠦᠵᠢᠯ ᠭᠦᠷᠳᠡᠭᠦ ᠡᠷᠬᠡ ᠶᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠭᠤᠥᠯᠴᠢ ᠪᠠᠶᠢᠬᠤ ᠶᠢ ᠠᠬᠢᠭᠤᠯᠬᠤ ᠶᠢᠨ ᠲᠥᠯᠥᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠰᠤᠷᠤᠯᠭ᠎ᠠ ᠶᠢᠨ ᠰᠤᠯᠠ ᠵᠠᠷᠤᠳᠠᠯ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠠᠴᠠ ᠭᠠᠳᠠᠨ᠎ᠠ ᠤᠯᠤᠰ ᠤᠨ ᠰᠤᠷᠤᠯᠭ᠎ᠠ ᠶᠢ ᠲᠤᠰᠠᠯᠠᠬᠤ ᠮᠥᠩᠭᠦ᠂ ᠰᠤᠷᠤᠯᠭ᠎ᠠ ᠶᠢᠨ ᠱᠠᠩᠨᠠᠯ ᠤᠨ ᠮᠥᠩᠭᠦ ᠵᠡᠷᠭᠡ ᠣᠯᠠᠨ ᠲᠠᠯ᠎ᠠ ᠠᠴᠠ ᠲᠤᠰᠠᠯᠠᠮᠵᠢ ᠬᠠᠩᠭᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢ ᠬᠠᠮᠤᠷᠪᠠ᠃    ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾    ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ  ᠲᠤᠰᠠᠯᠠᠬᠤ ᠡᠲᠡᠭᠡᠳ᠄ ᠪᠤᠶ ᠪᠦᠬᠦᠢ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠬᠴᠢ︔  ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ᠄ ᠰᠣᠷᠣᠬᠴᠢ ᠨᠢᠭᠡᠪᠦᠷᠢ ᠳᠤ ᠵᠢᠯ ᠪᠦᠷᠢ 2000 ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠬᠦ ᠰᠣᠷᠣᠬᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠂ ᠰᠤᠷᠤᠯᠭ᠎ᠠ ᠶᠢᠨ ᠰᠤᠯᠠ ᠵᠠᠷᠤᠳᠠᠯ ᠤᠨ ᠰᠦᠢᠳᠬᠡᠯ ᠨᠢ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠠᠴᠠ ᠲᠣᠭᠲᠠᠭᠠᠯ ᠶᠣᠰᠣᠭᠠᠷ ᠦᠷᠭᠦᠯᠵᠢᠯᠡᠨ ᠰᠣᠷᠣᠬᠴᠢ ᠠᠴᠠ ᠦᠯᠡᠳᠡᠪᠦᠷᠢ ᠰᠦᠢᠳᠬᠡᠯ ᠢ ᠨᠢ ᠬᠤᠷᠢᠶᠠᠵᠤ ᠪᠣᠯᠣᠨ᠎ᠠ᠃  ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠤᠰᠠᠯᠠᠮᠵᠢ ᠶᠢᠨ ᠮᠥᠩᠭᠦ ᠣᠯᠭᠤᠬᠤ ᠡᠲᠡᠭᠡᠳ᠄ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶ᠎ᠠ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠬᠴᠢᠳ ᠤᠨ ᠳᠣᠲᠣᠷᠠᠬᠢ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠬᠴᠢ︔ ᠰᠣᠷᠣᠬᠴᠢ ᠨᠢᠭᠡᠪᠦᠷᠢ ᠳᠤ ᠳᠤᠮᠳᠠᠴᠢ ᠪᠠᠷ ᠵᠢᠯ ᠪᠦᠷᠢ 2300 ᠲᠥᠭᠦᠷᠢᠭ᠂ ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ 1200 ~ 3500 ᠲᠥᠭᠦᠷᠢᠭ ᠤᠨ ᠬᠡᠪᠴᠢᠶᠡᠨ ᠳᠤ ᠲᠣᠭᠲᠠᠭᠠᠨ᠎ᠠ᠂ 2 ~ 3 ᠲᠠᠰ ᠬᠤᠪᠢᠶᠠᠵᠤ ᠪᠣᠯᠣᠨ᠎ᠠ᠃    ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾    ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠨ᠎ᠠ  ᠲᠤᠰᠠᠯᠠᠬᠤ ᠡᠲᠡᠭᠡᠳ᠄ ᠪᠤᠶ ᠪᠦᠬᠦᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠰᠣᠷᠣᠬᠴᠢ︔  ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ᠄ ᠰᠣᠷᠣᠬᠴᠢ ᠨᠢᠭᠡᠪᠦᠷᠢ ᠳᠤ ᠵᠢᠯ ᠪᠦᠷᠢ 2000 ᠲᠥᠭᠦᠷᠢᠭ᠂ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶ ᠶᠢᠨ ᠣᠨᠴᠠᠭᠠᠶ ᠪᠤᠰᠤ ᠲᠥᠷᠥᠯ ᠤᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠤᠷᠤᠬᠴᠢᠳ ᠠᠴᠠ ᠰᠤᠷᠤᠯᠭ᠎ᠠ ᠶᠢᠨ ᠰᠦᠢᠳᠬᠡᠯ ᠢ ᠳᠠᠭᠢᠵᠤ ᠬᠤᠷᠢᠶᠠᠬᠤ ᠦᠭᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠬᠴᠢᠳ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠵᠤ᠂ ᠰᠤᠷᠤᠯᠭ᠎ᠠ ᠶᠢᠨ ᠰᠦᠢᠳᠬᠡᠯ  ᠨᠢ ᠨᠥᠬᠦᠪᠦᠷᠢ ᠶᠢᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠰᠤᠷᠭᠠᠭᠤᠯᠢ ᠠᠴᠠ ᠲᠣᠭᠲᠠᠭᠠᠯ ᠶᠣᠰᠣᠭᠠᠷ ᠦᠷᠭᠦᠯᠵᠢᠯᠡᠨ ᠰᠤᠷᠤᠬᠴᠢᠳ ᠠᠴᠠ ᠦᠢᠯᠡᠳᠡᠪᠦᠷᠢ ᠰᠦᠢᠳᠬᠡᠯ ᠢ ᠨᠢ ᠬᠤᠷᠢᠶᠠᠵᠤ ᠪᠣᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠣᠨᠴᠠᠭᠠᠢ ᠲᠥᠷᠥᠯ ᠤᠨ ᠲᠤᠰᠬᠠᠢ ᠮᠡᠷᠭᠡᠵᠢᠯ ︵ᠤᠯᠤᠰ ᠤᠨ ᠲᠣᠭᠲᠠᠭᠠᠯ ᠶᠣᠰᠣᠭᠠᠷ᠂ ᠰᠢ ᠲᠠᠭᠤᠤᠷᠢᠯᠢᠬ ᠤᠨ ᠲᠣᠬᠯᠠᠯᠲᠠ ᠶᠢᠨ ᠲᠤᠰᠬᠠᠢ ᠮᠡᠷᠭᠡᠵᠢᠯ ᠠᠴᠠ ᠪᠤᠰᠤᠳ ᠤᠷᠠᠯᠢᠭ ᠤᠨ ᠲᠥᠷᠥᠯ ᠤᠨ ᠬᠠᠮᠢᠶ᠎ᠠ ᠪᠦᠬᠦᠢ ᠲᠣᠬᠯᠠᠯᠲᠠ ᠶᠢᠨ ᠲᠤᠰᠬᠠᠢ ᠮᠡᠷᠭᠡᠵᠢᠯ ᠢ ᠵᠢᠭᠠᠵᠤ ᠪᠤᠶ︶ ᠤᠨ ᠰᠣᠷᠣᠬᠴᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ ᠪᠠᠷᠢᠮᠵᠢᠶ᠎ᠠ ᠠᠴᠠ ᠥᠨᠳᠥᠷ ᠪᠠᠶᠢᠬᠤ ᠬᠡᠰᠡᠭ ᠢ ᠬᠤᠪᠢ ᠬᠥᠮᠥᠨ ᠡᠭᠦᠷᠭᠡᠯᠡᠨ᠎ᠡ᠃    ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠬᠤᠶᠠᠳᠤᠭᠠᠷ ᠣᠨ ᠵᠢᠴᠢ ᠲᠡᠭᠦᠨ ᠠᠴᠠ ᠳᠡᠭᠡᠭᠰᠢᠬᠢ ᠰᠣᠷᠣᠬᠴᠢᠳ ᠤᠨ ᠳᠣᠲᠣᠷᠠᠬᠢ ᠰᠤᠷᠤᠯᠭ᠎ᠠ ᠶᠢᠨ ᠬᠢᠷᠢ ᠪᠦᠲᠦᠮᠵᠢ᠂ ᠤᠷ᠎ᠠ ᠴᠢᠳᠠᠪᠤᠷᠢ ᠶᠢᠨ ᠢᠯᠡᠷᠡᠯ ᠵᠡᠷᠭᠡ ᠲᠠᠯ᠎ᠠ ᠪᠠᠷ ᠣᠨᠴᠠᠭᠠᠶ ᠰᠢᠯᠢᠳᠡᠭ ᠰᠣᠷᠣᠬᠴᠢ︔ ᠰᠤᠷᠤᠬᠴᠢ ᠪᠦᠷᠢ ᠳᠤ ᠵᠢᠯ ᠪᠦᠷᠢ 6000 ᠲᠥᠭᠦᠷᠢᠭ᠃    ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠤᠰᠠᠯᠠᠮᠵᠢ ᠶᠢᠨ ᠮᠥᠩᠭᠦ ᠣᠯᠭᠤᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ ᠬᠠᠷᠢᠶ᠎ᠠ ᠲᠠᠢ ᠨᠢᠭᠡ ᠬᠤᠶᠠᠷ ᠭᠤᠷᠪᠠᠳᠤᠭᠠᠷ ᠣᠨ ᠤ ᠪᠤᠶ ᠪᠦᠬᠦᠢ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠬᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠬᠴᠢ ᠪᠠ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠬᠴᠢ︔ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠬᠴᠢ ᠵᠢᠴᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ ᠠᠭᠤᠯᠠᠷᠬᠠᠭ ᠣᠷᠣᠨ ︵ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ︶᠂ ᠶᠠᠨᠱᠠᠨ - ᠲᠠᠢ ᠬᠠᠩ ᠱᠠᠨ ᠤ ᠠᠭᠤᠯᠠᠷᠬᠠᠭ ᠣᠷᠣᠨ ︵ᠬᠤᠸᠠᠳᠧ ᠰᠢᠶᠠᠨ᠂ ᠱᠠᠩᠳᠤ ᠰᠢᠶᠠᠨ᠂ ᠰᠢᠩᠾᠧ ᠰᠢᠶᠠᠨ︶ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ ᠬᠤᠲᠠ ᠪᠠᠭᠲᠠᠬᠤ ᠦᠭᠡᠢ︶ ᠤ ᠰᠣᠷᠣᠬᠴᠢ ᠶᠢ ᠲᠤᠰᠠᠯᠠᠬᠤ ᠳᠤᠮᠳᠠᠴᠢ ᠪᠠᠷᠢᠮᠵᠢᠶ᠎ᠠ ᠨᠢ ᠰᠣᠷᠣᠬᠴᠢ ᠨᠢᠭᠡᠪᠦᠷᠢ ᠳᠤ ᠵᠢᠯ ᠳᠤ 2300 ᠲᠥᠭᠦᠷᠢᠭ᠂ ᠪᠤᠰᠤᠳ ᠰᠣᠷᠣᠬᠴᠢ ᠳᠤ ᠵᠢᠯ ᠳᠤ 1500 ᠲᠥᠭᠦᠷᠢᠭ ᠪᠣᠯᠣᠨ᠎ᠠ᠃    ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠬᠴᠢ ᠶᠢᠨ ᠪᠠᠶᠢᠷᠢ ᠳᠤ ᠰᠠᠭᠤᠬᠤ ᠵᠠᠷᠤᠳᠠᠯ ᠤᠨ ᠨᠥᠬᠦᠪᠦᠷᠢ ᠣᠯᠭᠤᠬᠤ ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠶᠢᠨ ᠨᠢᠭᠡ ᠬᠤᠶᠠᠷ ᠭᠤᠷᠪᠠᠳᠤᠭᠠᠷ ᠣᠨ ᠤ ᠪᠠᠶᠢᠷᠢ ᠳᠤ ᠰᠠᠭᠤᠬᠤ ᠰᠣᠷᠣᠬᠴᠢ ︵ᠠᠵᠢᠯᠯᠠᠵᠤ ᠰᠤᠷᠤᠯᠴᠠᠬᠤ ᠶᠢ ᠡᠭᠡᠯᠵᠢᠯᠡᠭᠦᠯᠬᠦ ᠰᠣᠷᠣᠬᠴᠢ ᠶᠢ ᠪᠠᠭᠲᠠᠭᠠᠬᠤ ᠦᠭᠡᠢ︶︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠬᠴᠢ ᠳᠤ ᠵᠢᠯ ᠪᠦᠷᠢ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠬᠴᠢ ᠳᠤ ᠵᠢᠯ ᠪᠦᠷᠢ 500 ᠲᠥᠭᠦᠷᠢᠭ ᠪᠣᠯᠣᠨ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1