ᠴᠢᠩ ᠱᠦᠶ ᠾᠧ ᠰᠢᠶᠠᠨ ᠤ ᠰᠤᠷᠤᠭᠴᠢᠳ ᠢ ᠲᠤᠰᠠᠯᠠᠬᠤ ᠦᠢᠯᠡᠴᠢᠯᠡᠭᠡᠨ ᠤ ᠲᠥᠪ ᠰᠣᠷᠣᠭᠴᠢ ᠶᠢᠨ ᠢᠷᠡᠯᠲᠡ ᠶᠢᠨ ᠭᠠᠵᠠᠷ ᠤᠨ ᠵᠢᠭᠡᠯᠡᠯᠭᠡ᠂ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ ᠪᠤᠢ
ᠨᠡᠶᠢᠲᠡᠯᠡᠭᠰᠡᠨ ᠴᠠᠭ᠄
2025/6/11
     ᠤᠯᠤᠰ ᠤᠨ ᠰᠣᠷᠣᠭᠴᠢ ᠶᠢᠨ ᠢᠷᠡᠯᠲᠡ ᠶᠢᠨ ᠭᠠᠵᠠᠷ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠰᠣᠷᠣᠭᠴᠢ ᠪᠠ ᠬᠡᠷ ᠤᠨ ᠠᠬᠠᠮᠠᠳ ᠢ ᠬᠠᠪᠰᠤᠷᠤᠨ ᠲᠥᠯᠥᠪᠵᠢᠭᠦᠯᠭᠡ ᠪᠠᠨ ᠤᠷᠢᠳᠴᠢᠯᠠᠨ ᠰᠠᠶᠢᠲᠤᠷ ᠬᠢᠵᠦ᠂ ᠬᠡᠷ ᠪᠦᠯᠢ ᠶᠢᠨ ᠠᠵᠤ ᠠᠬᠤᠶ ᠶᠢᠨ ᠳᠠᠷᠤᠯᠲᠠ ᠪᠠ ᠰᠡᠳᠬᠢᠴᠡ ᠶᠢᠨ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ᠂ ᠰᠤᠷᠤᠭᠴᠢᠳ ᠢ ᠶᠡᠭᠡ ᠰᠤᠷᠭᠠᠭᠤᠯᠢ ᠶᠢᠨ ᠠᠮᠢᠳᠤᠷᠠᠯ ᠢ ᠨᠠᠩ ᠰᠠᠨᠠᠭ᠎ᠠ ᠠᠮᠤᠷ ᠤᠭᠲᠤᠭᠤᠯᠬᠤ ᠶᠢᠨ ᠲᠥᠯᠥᠭᠡ᠂ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠂ ᠴᠢᠩ ᠱᠦᠶ ᠾᠧ ᠰᠢᠶᠠᠨ ᠤ ᠰᠤᠷᠤᠭᠴᠢᠳ ᠢ ᠲᠤᠰᠠᠯᠠᠬᠤ ᠦᠢᠯᠡᠴᠢᠯᠡᠭᠡᠨ ᠤ ᠲᠥᠪ ᠠᠴᠠ ᠰᠢᠶᠠᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠠᠴᠠ ᠭᠠᠳᠠᠨ᠎ᠠ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
清水河县学生资助服务中心1.jpg
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠭᠠᠷᠭᠠᠵᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠨ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠠᠷ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ᠣᠯᠠᠨ ᠲᠦᠮᠡᠨ ᠤ ᠳᠤᠮᠳᠠ ᠰᠦᠯᠵᠢᠯᠳᠦᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠡᠷ ᠤᠨ ᠠᠬᠠᠮᠠᠳ ᠪᠣᠯᠤᠨ ᠰᠤᠷᠤᠭᠴᠢᠳ ᠲᠤ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠭᠠᠪᠠ᠃ ᠡᠭᠦᠨ ᠤ ᠬᠠᠮᠲᠤ᠂ ᠠᠵᠢᠯᠲᠠᠳ ᠰᠢᠯᠭᠠᠭᠤᠯᠤᠭᠴᠢᠳ ᠵᠢᠴᠢ ᠭᠡᠷ ᠤᠨ ᠠᠬᠠᠮᠠᠳ ᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ᠂ ᠭᠦᠢᠴᠡᠳᠭᠡᠬᠦ ᠴᠤᠪᠤᠷᠠᠯ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠵᠠᠩᠭᠢᠯᠠᠭ᠎ᠠ ᠶᠢᠨ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠬᠤᠶᠢᠰᠢᠳᠠ ᠶᠢᠨ ᠵᠣᠪᠠᠨᠢᠯ ᠢ ᠠᠷᠢᠯᠭᠠᠪᠠ᠃
清水河县学生资助服务中心2.jpg
     ᠲᠣᠰ ᠤᠳᠠᠭᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠰᠤᠷᠤᠯᠭ᠎ᠠ ᠶᠢᠨ ᠲᠤᠰᠠᠯᠠᠮᠵᠢ ᠶᠢᠨ ᠵᠢᠭᠡᠯᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠪᠣᠯ ᠴᠢᠩ ᠱᠦᠶ ᠾᠧ ᠰᠢᠶᠠᠨ ᠤ ᠤᠯᠤᠰ ᠤᠨ ᠰᠤᠷᠤᠭᠴᠢᠳ ᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠤᠬᠠᠭᠤᠯᠭ᠎ᠠ ᠪᠠᠷ ᠳᠠᠮᠵᠢᠨ᠂ ᠨᠡᠩ ᠣᠯᠠᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠰᠤᠷᠤᠯᠭ᠎ᠠ ᠶᠢᠨ ᠲᠤᠰᠠᠯᠠᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠡᠳᠡᠨ ᠤ ᠶᠡᠭᠡ ᠰᠤᠷᠭᠠᠭᠤᠯᠢ ᠳᠤ ᠣᠷᠣᠬᠤ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ ᠥᠭᠴᠦ᠂ ᠲᠡᠳᠡᠨ ᠤ ᠥᠪᠡᠷ ᠤᠨ ᠶᠡᠭᠡ ᠰᠤᠷᠭᠠᠭᠤᠯᠢ ᠶᠢᠨ ᠬᠦᠰᠡᠯ ᠵᠡᠭᠦᠳᠦ ᠪᠠᠨ ᠵᠣᠷᠢᠭᠲᠠᠶ ᠪᠠᠷ ᠬᠥᠭᠡᠭᠡᠴᠡᠯᠳᠦᠬᠦ ᠳᠤ ᠬᠦᠴᠦᠨ ᠨᠡᠮᠡᠷᠢᠯᠡᠵᠦ᠂ ᠰᠠᠶᠢᠨ ᠰᠠᠶᠢᠬᠠᠨ ᠢᠷᠡᠭᠡᠳᠦᠢ ᠲᠡᠰᠢ ᠶᠡᠭᠡ ᠠᠯᠬᠤᠮ ᠢᠶᠠᠷ ᠤᠷᠤᠭᠰᠢᠯᠠᠭᠤᠯᠬᠤ ᠪᠠᠷ ᠵᠣᠷᠢᠵᠠᠢ᠃ ᠢᠷᠡᠭᠡᠳᠦᠢ ᠳᠤ᠂ ᠴᠢᠩ ᠱᠦᠶ ᠾᠧ ᠰᠢᠶᠠᠨ ᠤ ᠰᠤᠷᠤᠭᠴᠢᠳ ᠢ ᠲᠤᠰᠠᠯᠠᠬᠤ ᠦᠢᠯᠡᠴᠢᠯᠡᠭᠡᠨ ᠤ ᠲᠥᠪ ᠦᠷᠭᠦᠯᠵᠢᠯᠡᠨ ᠬᠦᠴᠦᠯᠡᠵᠦ᠂ ᠰᠤᠷᠤᠯᠭ᠎ᠠ ᠶᠢᠨ ᠲᠤᠰᠠᠯᠠᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠭᠦᠨᠵᠡᠭᠡᠶ᠂ ᠨᠠᠷᠢᠯᠢᠭ᠂ ᠪᠣᠳᠠᠲᠠᠶ ᠬᠢᠵᠦ᠂ ᠤᠯᠤᠰ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠰᠤᠷᠤᠯᠭ᠎ᠠ ᠶᠢᠨ ᠲᠤᠰᠠᠯᠠᠮᠵᠢ ᠶᠢᠨ ᠵᠢᠭᠡᠯᠡᠯᠭᠡ ᠭᠡᠬᠦ ᠡᠨᠡ ᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠴᠡᠭᠡ ᠪᠥᠬᠦᠶ ᠰᠤᠷᠤᠭᠴᠢ ᠨᠢᠭᠡᠪᠦᠷᠢ ᠳᠤ ᠦᠨᠡᠨ ᠬᠦ ᠬᠦᠷᠲᠡᠭᠡᠵᠦ᠂ ᠲᠡᠳᠡᠨ ᠤ ᠡᠷᠳᠡᠮ ᠮᠡᠳᠡᠯᠭᠡ ᠶᠢ ᠬᠦᠭᠡᠭᠡᠴᠡᠯᠳᠦᠬᠦ ᠵᠠᠮ ᠳᠡᠭᠡᠷ᠎ᠡ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠠᠮᠢᠳᠤᠷᠠᠯ ᠤᠨ ᠬᠦᠰᠡᠯᠡᠩ ᠢᠶᠠᠨ ᠪᠡᠶᠡᠯᠡᠭᠦᠯᠬᠦ ᠳᠤ ᠨᠢ ᠲᠤᠰᠠᠯᠠᠬᠤ ᠪᠣᠯᠣᠨ᠎ᠠ︕
清水河县学生资助服务中心3.jpg
 
ᠢᠷᠡᠯᠲᠡ᠄ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1