ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠨᠡᠮᠡᠭᠦᠷᠢ ᠠᠪᠬᠤ ᠪᠠᠨ ᠪᠢᠲᠡᠭᠡᠢ ᠮᠠᠷᠲᠠᠭᠠᠷᠠᠢ︕
ᠨᠡᠶᠢᠲᠡᠯᠡᠭᠰᠡᠨ ᠴᠠᠭ᠄
2025/6/16
  @ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ  ᠡᠳᠡᠭᠡᠷ ᠠᠵᠢᠯ ᠣᠯᠵᠤ ᠦᠢᠯᠡᠰ ᠪᠣᠰᠬᠠᠬᠤ ᠲᠦᠷᠦ ᠶᠢᠨ ᠪᠣᠳᠣᠯᠭ᠎ᠠ ᠶᠢᠨ ᠨᠡᠮᠡᠭᠦᠷᠢ ᠶᠢ ᠠᠩᠬᠠᠷᠤᠭᠠᠷᠠᠢ   ᠠᠵᠢᠯ ᠮᠡᠷᠭᠡᠵᠢᠯ ᠤᠨ ᠪᠣᠯᠪᠠᠰᠤᠷᠠᠯ ᠤᠨ ᠨᠡᠮᠡᠭᠦᠷᠢ    ᠨᠡᠮᠡᠭᠦᠷᠢ ᠣᠯᠣᠭᠰᠠᠳ  ᠠᠵᠢᠯ ᠣᠯᠭᠤᠯᠲᠠ ᠶᠢᠨ ᠤᠷ᠎ᠠ ᠮᠡᠷᠭᠡᠰᠢᠯ ᠤᠨ ᠪᠣᠯᠪᠠᠰᠤᠷᠠᠯ ᠪᠠ ᠦᠢᠯᠡᠰ ᠪᠣᠰᠬᠠᠬᠤ ᠪᠣᠯᠪᠠᠰᠤᠷᠠᠯ ᠳᠤ ᠣᠷᠣᠯᠴᠠᠭᠰᠠᠨ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠴᠢᠨ ᠤ ᠠᠩᠭᠢ᠂ ᠪᠡᠯᠡᠳᠬᠡᠯ ᠮᠠᠰᠲ᠋ᠧᠷ ᠤᠨ ᠠᠩᠭᠢ᠂ ᠮᠠᠰᠲ᠋ᠧᠷ ᠤᠨ ᠠᠩᠭᠢ ᠪᠠ ᠣᠨᠴᠠᠭᠠᠢ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠤᠨ ᠲᠡᠭᠦᠰᠦᠭᠰᠡᠳ ᠪᠠᠭᠲᠠᠨ᠎ᠠ︶   ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ  ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ   ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠦᠨᠡᠯᠡᠯᠲᠡ ᠶᠢᠨ ᠨᠡᠮᠡᠭᠦᠷᠢ    ᠨᠡᠮᠡᠭᠦᠷᠢ ᠣᠯᠣᠭᠰᠠᠳ  ᠠᠩᠬ᠎ᠠ ᠤᠳᠠᠭᠠᠨ ᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠦᠨᠡᠯᠡᠯᠲᠡ ᠪᠠᠷ ᠳᠡᠮᠵᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ︵ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠤᠨ ᠦᠨᠡᠮᠯᠡᠯ᠂ ᠲᠤᠰᠬᠠᠢ ᠲᠥᠷᠥᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ ᠪᠠᠭᠲᠠᠨ᠎ᠠ᠂ ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ ᠪᠠᠭᠲᠠᠬᠤ ᠦᠭᠡᠢ︶ ᠣᠯᠣᠭᠰᠠᠨ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ   ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ  ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ   ᠨᠡᠶᠢᠭᠡᠮ ᠤᠨ ᠳᠠᠭᠠᠳᠬᠠᠯ ᠤᠨ ᠨᠡᠮᠡᠭᠦᠷᠢ    ᠨᠡᠮᠡᠭᠦᠷᠢ ᠣᠯᠣᠭᠰᠠᠳ  ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠣᠭᠰᠠᠨ ᠤ ᠳᠠᠷᠠᠭ᠎ᠠ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠨ᠎ᠠ   ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ  ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠢ ᠲᠤᠰᠢᠶᠠᠭᠰᠠᠨ ᠵᠠᠷᠤᠳᠠᠯ ᠤᠨ 2/3 ᠠᠴᠠ ᠬᠡᠲᠦᠷᠡᠭᠦᠯᠬᠦ ᠦᠭᠡᠢ  ᠨᠡᠮᠡᠭᠦᠷᠢ ᠶᠢᠨ ᠬᠤᠭᠤᠴᠠᠭ᠎ᠠ ᠶᠢ 2 ᠵᠢᠯ ᠠᠴᠠ ᠬᠡᠲᠦᠷᠡᠭᠦᠯᠬᠦ ᠦᠭᠡᠢ   ᠠᠵᠢᠯ ᠡᠷᠢᠬᠦ‍ ᠨᠢᠭᠡ ᠯᠡ ᠤᠳᠠᠭ᠎ᠠ ᠶᠢᠨ ᠴᠢᠨᠠᠷᠲᠠᠢ ᠨᠡᠮᠡᠭᠦᠷᠢ    ᠨᠡᠮᠡᠭᠦᠷᠢ ᠣᠯᠣᠭᠰᠠᠳ  ᠰᠤᠷᠤᠯᠭ᠎ᠠ ᠲᠡᠭᠦᠰᠦᠭᠰᠡᠨ ᠰᠤᠷᠤᠯᠭ᠎ᠠ ᠶᠢᠨ ᠵᠢᠯ ᠳᠤ ᠢᠳᠡᠪᠬᠢᠲᠡᠢ ᠪᠠᠷ ᠠᠵᠢᠯ ᠡᠷᠢᠵᠦ ᠦᠢᠯᠡᠰ ᠪᠣᠰᠬᠠᠭᠰᠠᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ᠂ ᠨᠢᠭᠡ ᠬᠥᠮᠥᠨ ᠨᠢ ᠴᠦ ᠠᠵᠢᠯ ᠣᠯᠣᠭᠰᠠᠨ ᠦᠭᠡᠢ ᠭᠡᠷ ᠪᠦᠯᠢ᠂ ᠳᠠᠬᠢᠨᠲᠠ ᠶᠠᠳᠠᠭᠤᠷᠠᠬᠤ ᠠᠴᠠ ᠰᠡᠷᠭᠡᠶᠢᠯᠡᠬᠦ ᠬᠡᠪᠴᠢᠶᠡᠨ ᠳᠠᠬᠢ ᠶᠢ ᠬᠢᠨᠠᠨ ᠰᠢᠯᠭᠠᠭᠳᠠᠭᠴᠢ ᠪᠠ ᠣᠨᠴᠠ ᠬᠦᠴᠢᠷᠳᠡᠯᠲᠡᠢ ᠬᠥᠮᠥᠰ ᠤᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠵᠡᠮᠳᠡᠭ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠣᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ   ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ  ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ   ᠦᠢᠯᠡᠰ ᠪᠣᠰᠬᠠᠬᠤ ᠨᠢᠭᠡ ᠯᠡ ᠤᠳᠠᠭ᠎ᠠ ᠶᠢᠨ ᠴᠢᠨᠠᠷᠲᠠᠢ ᠨᠡᠮᠡᠭᠦᠷᠢ    ᠨᠡᠮᠡᠭᠦᠷᠢ ᠣᠯᠣᠭᠰᠠᠳ  ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠡᠷᠬᠢᠯᠡᠵᠦ᠂ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠦᠢᠯᠡᠳᠪᠦᠷᠢ ᠬᠤᠳᠠᠯᠳᠤᠭᠠᠨ ᠤ ᠲᠡᠮᠳᠡᠭᠯᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠬᠢᠭᠰᠡᠨ ᠰᠤᠷᠭᠠᠭᠤᠯᠢ ᠲᠡᠭᠦᠰᠦᠭᠡᠳ 2 ᠵᠢᠯ ᠤᠨ ᠳᠣᠲᠣᠷ᠎ᠠ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ   ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ  ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ   ᠭᠠᠶᠢᠯᠢ ᠲᠠᠲᠠᠪᠤᠷᠢ ᠶᠢᠨ ᠬᠠᠷᠠᠭᠠᠯᠵᠠᠯ    ᠨᠡᠮᠡᠭᠦᠷᠢ ᠣᠯᠣᠭᠰᠠᠳ  ᠲᠡᠭᠦᠰᠦᠭᠰᠡᠨ ᠣᠨ ᠳᠤ ᠪᠠᠨ ᠬᠤᠪᠢ ᠶᠢᠨ ᠡᠵᠡᠩᠨᠡᠯᠲᠡ ᠬᠢᠵᠦ ᠪᠠᠶᠢᠭ᠎ᠠ ︽ᠠᠵᠢᠯ ᠣᠯᠵᠤ ᠦᠢᠯᠡᠰ ᠪᠣᠰᠬᠠᠭᠰᠠᠨ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠲᠠᠯ᠎ᠠ ᠪᠠᠷ ᠬᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠪᠤᠶᠤ ︽ᠲᠡᠭᠦᠰᠬᠦ ᠣᠨ ᠳᠤ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠲᠠᠯ᠎ᠠ ᠪᠠᠷ ᠬᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠨ᠎ᠠ︶ ᠪᠤᠶᠤ ︽ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠲᠠᠯ᠎ᠠ ᠪᠠᠷ ᠬᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠨ᠎ᠠ︶ ᠲᠠᠢ ᠪᠠᠶᠢᠬᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ   ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ  ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠯᠲᠠ ᠶᠢ ᠭᠦᠢᠴᠡᠳᠬᠡᠭᠰᠡᠨ ᠲᠣᠰ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 ᠲᠥᠭᠦᠷᠢᠭ ᠢᠶᠠᠷ ᠬᠢᠵᠠᠭᠠᠷᠯᠠᠵᠤ᠂ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷᠯᠠᠯ ᠤᠨ ᠪᠠᠷᠢᠮᠵᠢᠶ᠎ᠠ ᠶᠢ ᠬᠠᠮᠤᠭ ᠥᠨᠳᠥᠷ ᠲᠤ ᠪᠠᠨ 20% ᠪᠠᠷ ᠳᠡᠭᠡᠭᠰᠢᠯᠡᠭᠦᠯᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠲᠤᠰ ᠬᠡᠪᠴᠢᠶᠡᠨ ᠳᠤ ᠬᠢᠵᠠᠭᠠᠷᠯᠠᠯ ᠤᠨ ᠪᠣᠳᠠᠲᠠᠢ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1