ᠠᠯᠪᠠᠨ ᠲᠤᠰᠢᠶᠠᠯᠲᠠᠨ ᠤ ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠪᠠᠭᠤᠳᠠᠯᠯᠠᠬᠤ ᠵᠠᠷᠤᠳᠠᠯ ᠤᠨ ᠲᠠᠯ᠎ᠠ ᠪᠠᠷ ᠠᠩᠬᠠᠷᠤᠭᠤᠯᠬᠤ ᠪᠠᠷ ᠵᠢᠭᠰᠠᠭᠠᠭᠰᠠᠨ ᠲᠣᠳᠣᠷᠬᠠᠢ ᠬᠠᠭᠤᠳᠠᠰᠤ
ᠨᠡᠶᠢᠲᠡᠯᠡᠭᠰᠡᠨ ᠴᠠᠭ᠄
2025/6/16
  ᠠᠯᠪᠠᠨ ᠲᠤᠰᠢᠶᠠᠯᠲᠠᠨ ᠤ ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠪᠠᠭᠤᠳᠠᠯᠯᠠᠬᠤ ᠵᠠᠷᠤᠳᠠᠯ ᠢ ᠵᠢᠷᠤᠮᠵᠢᠭᠤᠯᠬᠤ ᠬᠠᠮᠢᠶᠠᠷᠤᠯᠲᠠ ᠪᠣᠯ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠶᠢ ᠪᠠᠷᠢᠮᠲᠠᠯᠠᠨ ᠠᠷᠪᠢᠴᠢ ᠭᠠᠮᠲᠠᠢ ᠠᠮᠢᠳᠤᠷᠠᠬᠤ ᠶᠢᠨ ᠴᠢᠬᠤᠯᠠ ᠠᠭᠤᠯᠭ᠎ᠠ ᠪᠣᠯᠣᠨ᠎ᠠ᠃  ᠪᠢᠳᠠ ᠬᠠᠮᠲᠤ ᠪᠠᠷ ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠤᠨ ᠣᠷᠣᠨ ᠨᠤᠲᠤᠭ ᠲᠤ ᠬᠦᠷᠴᠦ ᠠᠯᠪᠠᠨ ᠶᠠᠪᠤᠳᠠᠯ ᠢᠶᠠᠷ ᠭᠠᠷᠴᠤ ᠪᠠᠭᠤᠳᠠᠯᠯᠠᠬᠤ ᠵᠠᠷᠤᠳᠠᠯ ᠤᠨ ᠪᠠᠷᠢᠮᠵᠢᠶ᠎ᠠ ᠶᠢᠨ ᠨᠠᠷᠢᠨ ᠬᠦᠰᠦᠨᠦᠭᠲᠦ︾ ᠯᠦᠭᠡ ᠬᠠᠷᠭᠤᠭᠤᠯᠤᠨ ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠪᠠᠭᠤᠳᠠᠯᠯᠠᠬᠤ ᠵᠠᠷᠤᠳᠠᠯ ᠤᠨ ᠲᠠᠯ᠎ᠠ ᠪᠠᠷ ᠠᠩᠬᠠᠷᠤᠭᠤᠯᠬᠤ ᠪᠠᠷ ᠵᠢᠭᠰᠠᠭᠠᠭᠰᠠᠨ ᠲᠣᠳᠣᠷᠬᠠᠢ ᠬᠠᠭᠤᠳᠠᠰᠤ ᠶᠢ ᠣᠶᠢᠯᠠᠭᠠᠵᠠᠭᠠᠶ᠎ᠠ︕   ᠬᠤᠨᠤᠭ ᠤᠨ ᠵᠠᠷᠤᠳᠠᠯ ᠨᠢ ᠪᠠᠷᠢᠮᠵᠢᠶ᠎ᠠ ᠠᠴᠠ ᠬᠡᠲᠦᠷᠡᠵᠦ ᠪᠣᠯᠬᠤ ᠦᠦ︖   ᠡᠨᠡ ᠤᠳᠠᠭᠠᠨ ᠤ ᠬᠤᠷᠠᠯ ᠤᠨ ᠭᠠᠵᠠᠷ ᠨᠢ ᠵᠢᠭᠠᠬᠠᠨ ᠪᠤᠶᠢᠳᠠ ᠪᠥᠭᠯᠡᠭᠦᠦ᠂ ᠭᠡᠪᠡᠴᠦ ᠭᠤᠣᠯᠴᠢᠯᠠᠨ ᠡᠷᠬᠢᠯᠡᠭᠰᠡᠡ ᠲᠠᠯ᠎ᠠ ᠶᠢᠨ ᠬᠢᠨ ᠤ ᠨᠢᠭᠡᠳᠦᠯᠲᠡᠢ ᠲᠣᠬᠢᠷᠠᠭᠤᠯᠤᠭᠰᠠᠨ ᠪᠠᠭᠤᠳᠠᠯ ᠤᠨ ᠦᠷᠦᠭᠡ ᠶᠢᠨ ᠵᠠᠷᠤᠳᠠᠯ ᠬᠠᠮᠤᠭ ᠬᠢᠮᠳᠠ ᠳᠤ ᠪᠠᠨ ᠣᠷᠣᠢ ᠪᠦᠷᠢ 550 ᠲᠥᠭᠦᠷᠢᠭ᠂ ᠪᠠᠷᠢᠮᠵᠢᠶ᠎ᠠ ᠠᠴᠠ 50 ᠲᠥᠭᠦᠷᠢᠭ ᠳᠠᠪᠠᠭᠰᠠᠨ ᠪᠠᠶᠢᠨ᠎ᠠ᠂ ᠵᠣᠭᠤᠰ ᠤᠨ ᠲᠤᠭ᠎ᠠ ᠨᠢ ᠳᠡᠮᠡᠢ ᠶᠡᠭᠡ ᠪᠢᠰᠢ ᠶᠤᠮ ᠴᠢᠨᠢ ᠲᠡᠷᠡ ᠦᠶ᠎ᠡ ᠳᠤ ᠡᠳ᠋ ᠤᠨ ᠶᠠᠪᠤᠳᠠᠯ ᠤᠨ ᠠᠵᠢᠯᠲᠠᠨ ᠢᠶᠠᠷ ᠡᠪᠯᠡᠭᠦᠯᠴᠢᠬᠡᠶ᠎ᠡ ᠁   ᠵᠥᠪ ᠦᠦ ᠪᠤᠷᠤᠭᠤ ᠦᠦ︖  ᠪᠤᠷᠤᠭᠤ︕ ᠪᠠᠭᠤᠳᠠᠯ ᠤᠨ ᠦᠨ᠎ᠡ ᠬᠠᠩᠰᠢ ᠨᠢ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠲᠤᠰᠢᠶᠠᠯ ᠤᠨ ᠳᠡᠰ ᠤᠨ ᠪᠠᠷᠢᠮᠵᠢᠶ᠎ᠠ ᠳᠤ ᠨᠡᠶᠢᠴᠡᠭᠰᠡᠨ ᠪᠠᠭᠤᠳᠠᠯ ᠢ ᠥᠪᠡᠰᠦᠪᠡᠨ ᠰᠣᠩᠭᠤᠬᠤ ᠬᠡᠷᠡᠭᠲᠡᠢ᠃ ᠠᠵᠢᠯ ᠤᠨ ᠬᠡᠷᠡᠭᠴᠡᠭᠡ ᠠᠴᠠ ᠪᠣᠯᠵᠤ ᠲᠥᠪᠯᠡᠷᠡᠭᠦᠯᠦᠨ ᠪᠠᠭᠤᠳᠠᠯᠯᠠᠵᠤ ᠵᠠᠷᠤᠳᠠᠯ ᠨᠢ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠤᠷᠢᠳ ᠢᠶᠠᠷ ᠲᠤᠰ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠨᠢ ᠥᠪᠡᠰᠦᠪᠡᠨ ᠡᠭᠦᠷᠭᠡᠯᠡᠬᠦ ᠬᠡᠷᠡᠭᠲᠡᠢ᠃   ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠢᠶᠠᠷ᠂ ᠬᠤᠨᠤᠭ ᠤᠨ ᠵᠠᠷᠤᠳᠠᠯ ᠨᠢ ᠪᠠᠷᠢᠮᠵᠢᠶ᠎ᠠ ᠶᠢᠨ ᠬᠢᠵᠠᠭᠠᠷᠯᠠᠬᠤ ᠬᠡᠪᠴᠢᠶᠡᠨ ᠳᠤ ᠪᠠᠶᠢᠪᠠᠯ ᠪᠠᠷᠢᠮᠲᠠ ᠪᠠᠷ ᠢᠶᠠᠨ ᠲᠡᠷᠡ ᠬᠡᠪ ᠢᠶᠠᠷ ᠨᠢ ᠳᠠᠩᠰᠠ ᠲᠠᠶᠢᠯᠤᠨ᠎ᠠ᠃ ᠵᠠᠷᠤᠳᠠᠯ ᠢᠶᠠᠨ ᠲᠣᠭᠲᠠᠭᠠᠯ ᠶᠣᠰᠣᠭᠠᠷ ᠵᠠᠷᠤᠭᠰᠠᠨ ᠦᠭᠡᠢ ᠪᠠᠶᠢᠪᠠᠯ᠂ ᠬᠡᠲᠦᠷᠡᠭᠦᠯᠦᠨ ᠵᠠᠷᠤᠭᠰᠠᠨ ᠬᠡᠰᠡᠭ ᠢ ᠬᠤᠪᠢ ᠬᠥᠮᠥᠨ ᠥᠪᠡᠷ ᠢᠶᠠᠨ ᠬᠠᠷᠢᠭᠤᠴᠠᠨ᠎ᠠ᠃   ᠬᠡᠭᠡᠨᠴᠢᠷ ᠢᠵᠢ ᠥᠷᠥᠭᠡᠨ ᠳᠤ ᠰᠠᠭᠤᠵᠤ ᠪᠣᠯᠬᠤ ᠦᠦ︖  ᠡᠨᠡ ᠤᠳᠠᠭ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠳᠤ ᠪᠠᠷᠢᠮᠵᠢᠶ᠎ᠠ ᠶᠣᠰᠣᠭᠠᠷ ᠪᠣᠯ 900 ᠲᠥᠭᠦᠷᠢᠭ ᠤᠨ ᠥᠷᠥᠭᠡᠨ ᠳᠤ ᠪᠠᠭᠤᠳᠠᠯᠯᠠᠵᠤ ᠪᠣᠯᠣᠨ᠎ᠠ᠂ ᠡᠨᠡ ᠬᠦ ᠵᠣᠴᠢᠳ ᠤᠨ ᠪᠠᠭᠤᠳᠠᠯ ᠤᠨ ᠡᠩ ᠤᠨ ᠪᠠᠷᠢᠮᠵᠢᠶᠠᠲᠤ ᠲᠠᠰᠤᠯᠭ᠎ᠠ ᠨᠢ ᠵᠥᠪᠬᠡᠨ 500 ᠲᠥᠭᠦᠷᠢᠭ ᠪᠠᠶᠢᠨ᠎ᠠ᠂ ᠡᠰᠡᠪᠡᠯ 888 ᠲᠥᠭᠦᠷᠢᠭ ᠤᠨ ᠬᠡᠭᠡᠨᠴᠢᠷ ᠢᠵᠢ ᠥᠷᠥᠭᠡ ᠪᠣᠯᠭᠠᠴᠢᠬᠠᠶ᠎ᠠ᠂ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠢ ᠳᠠᠯᠢᠮᠳᠠᠭᠤᠯᠤᠨ ᠵᠢᠷᠭᠠᠬᠤ ᠦᠭᠡᠢ ᠪᠣᠯ ᠬᠤᠨᠵᠢᠭᠳᠠᠨ᠎ᠠ ᠁   ᠵᠥᠪ ᠦᠦ ᠪᠤᠷᠤᠭᠤ ᠦᠦ︖  ᠪᠤᠷᠤᠭᠤ︕ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠂ ᠠᠯᠪᠠᠨ ᠲᠤᠰᠢᠶᠠᠯᠲᠠᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠳᠤ ᠪᠠᠨ ᠠᠯᠪᠠᠨ ᠠᠵᠢᠯᠯᠠᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠢᠮᠵᠢᠶ᠎ᠠ ᠠᠴᠠ ᠬᠡᠲᠦᠷᠡᠭᠰᠡᠨ ᠣᠷᠣᠨ ᠰᠠᠭᠤᠴᠠ ᠶᠢ ᠰᠣᠩᠭᠤᠵᠤ ᠪᠣᠯᠬᠤ ᠦᠭᠡᠢ᠃   ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠢᠶᠠᠷ᠂ ᠶᠠᠮᠤᠨ ᠤ ᠳᠡᠰ ᠤᠨ ᠵᠢᠴᠢ ᠲᠡᠭᠦᠨ ᠲᠠᠢ ᠲᠡᠩᠴᠡᠬᠦ ᠲᠤᠰᠢᠶᠠᠯ ᠲᠠᠢ ᠬᠥᠮᠥᠰ ᠡᠩ ᠤᠨ ᠢᠵᠢ ᠥᠷᠥᠭᠡᠨ ᠳᠤ ᠪᠠᠭᠤᠳᠠᠯᠯᠠᠵᠤ᠂ ᠵᠤᠷᠭᠠᠨ ᠲᠣᠪᠴᠢᠶᠠᠨ ᠤ ᠳᠡᠰ ᠤᠨ ᠵᠢᠴᠢ ᠲᠡᠭᠦᠨ ᠠᠴᠠ ᠳᠣᠷᠣᠭᠰᠢᠬᠢ ᠲᠤᠰᠢᠶᠠᠯ ᠲᠠᠢ ᠬᠥᠮᠥᠰ ᠭᠠᠭᠴᠠ ᠲᠠᠰᠤᠯᠭ᠎ᠠ ᠪᠤᠶᠤ ᠪᠠᠷᠢᠮᠵᠢᠶᠠᠲᠤ ᠲᠠᠰᠤᠯᠭ᠎ᠠ ᠳᠤ ᠪᠠᠭᠤᠳᠠᠯᠯᠠᠨ᠎ᠠ᠃ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠬᠥᠮᠥᠰ ᠲᠤᠰᠢᠶᠠᠯ ᠤᠨ ᠵᠡᠷᠭᠡ ᠳᠡᠰ ᠲᠤ ᠪᠠᠨ ᠵᠣᠬᠢᠴᠠᠭᠰᠠᠨ ᠬᠤᠨᠤᠭ ᠤᠨ ᠵᠠᠷᠤᠳᠠᠯ ᠤᠨ ᠪᠠᠷᠢᠮᠵᠢᠶ᠎ᠠ ᠶᠢᠨ ᠬᠢᠵᠠᠭᠠᠷᠯᠠᠬᠤ ᠬᠡᠪᠴᠢᠶᠡᠨ ᠳᠣᠲᠣᠷ᠎ᠠ᠂ ᠠᠮᠤᠷ ᠲᠦᠪᠰᠢᠨ᠂ ᠬᠢᠮᠳᠠᠬᠠᠨ᠂ ᠳᠥᠭᠦᠮ ᠳᠥᠲᠡ ᠵᠣᠴᠢᠳ ᠤᠨ ᠪᠠᠭᠤᠳᠠᠯ ᠢ ᠰᠣᠩᠭᠤᠵᠤ ᠪᠠᠭᠤᠳᠠᠯᠯᠠᠬᠤ ᠬᠡᠷᠡᠭᠲᠡᠢ᠃   ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠲᠣᠬᠢᠶᠠᠯᠳᠤᠪᠠᠯ ᠶᠠᠭᠠᠬᠢᠬᠤ ᠪᠤᠢ︖  ᠵᠤᠨ ᠤ ᠴᠠᠭ ᠲᠤ ᠠᠯᠪᠠᠨ ᠶᠠᠪᠤᠳᠠᠯ ᠢᠶᠠᠷ ᠰᠢᠨᠢᠩ ᠳᠤ ᠢᠷᠡᠭᠰᠡᠨ ᠴᠢᠨᠢ ᠶᠠᠭ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠲᠣᠬᠢᠶᠠᠯᠳᠤᠵᠤ ᠪᠠᠭᠤᠳᠠᠯ ᠤᠨ ᠰᠦᠢᠳᠬᠡᠯ ᠥᠰᠦᠭᠰᠡᠨ ᠪᠠᠶᠢᠨ᠎ᠠ᠂ 350 ᠲᠥᠭᠦᠷᠢᠭ ᠤᠨ ᠪᠠᠷᠢᠮᠵᠢᠶ᠎ᠠ ᠪᠠᠷ ᠲᠣᠬᠢᠷᠠᠮᠵᠢᠲᠠᠢ ᠪᠠᠭᠤᠳᠠᠯ ᠣᠯᠳᠠᠬᠤ ᠦᠭᠡᠢ᠂ ᠲᠣᠭᠲᠠᠭᠠᠯ ᠢ ᠦᠨᠳᠦᠰᠦᠯᠡᠵᠦ ᠪᠠᠶᠢᠭᠠᠳ ᠪᠠᠷᠢᠮᠵᠢᠶ᠎ᠠ ᠪᠠᠨ ᠵᠣᠬᠢᠰᠲᠠᠢ ᠳᠡᠭᠡᠭᠰᠢᠯᠡᠭᠦᠯᠵᠦ ᠪᠣᠯᠣᠨ᠎ᠠ ᠦᠦ ᠦᠭᠡᠢ ᠦᠦ ᠁    ᠵᠥᠪ ᠦᠦ ᠪᠤᠷᠤᠭᠤ ᠦᠦ︖  ᠵᠥᠪ᠃ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠦᠶ᠎ᠡ ᠳᠤ ᠬᠤᠨᠤᠭ ᠤᠨ ᠵᠠᠷᠤᠳᠠᠯ ᠤᠨ ᠪᠠᠷᠢᠮᠵᠢᠶ᠎ᠠ  ᠨᠢ ᠲᠤᠬᠠᠢ ᠶᠢᠨ ᠭᠠᠵᠠᠷ ᠣᠷᠣᠨ ᠤ ᠠᠵᠤ ᠠᠬᠤᠢ ᠶᠢᠨ ᠬᠢᠷᠢ ᠲᠦᠪᠰᠢᠨ᠂ ᠪᠠᠷᠠᠭᠠᠨ ᠤ ᠦᠨ᠎ᠡ ᠶᠢᠨ ᠪᠠᠶᠢᠳᠠᠯ ᠠᠴᠠ ᠪᠣᠯᠵᠤ ᠠᠳᠠᠯᠢ ᠦᠭᠡᠢ ᠪᠠᠶᠢᠳᠠᠭ᠃  ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠵᠢᠯᠲᠠᠳ ᠤᠨ ᠣᠷᠣᠨ ᠨᠤᠲᠤᠭ ᠲᠤ ᠬᠦᠷᠴᠦ ᠠᠯᠪᠠᠨ ᠶᠠᠪᠤᠳᠠᠯ ᠢᠶᠠᠷ ᠭᠠᠷᠴᠤ ᠪᠠᠭᠤᠳᠠᠯᠯᠠᠬᠤ ᠵᠠᠷᠤᠳᠠᠯ ᠤᠨ ᠪᠠᠷᠢᠮᠵᠢᠶ᠎ᠠ ᠶᠢᠨ ᠨᠠᠷᠢᠨ ᠬᠦᠰᠦᠨᠦᠭᠲᠦ︾ ᠨᠢ ᠭᠠᠵᠠᠷ ᠵᠦᠢ᠂ ᠠᠭᠤᠷ ᠠᠮᠢᠰᠬᠤᠯ ᠵᠡᠷᠭᠡ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠪᠠ ᠤᠯᠠᠷᠢᠯ ᠤᠨ ᠴᠢᠨᠠᠷᠲᠠᠢ ᠬᠠᠯᠠᠮᠰᠢᠯ ᠳᠤ ᠨᠡᠯᠢᠶᠡᠳ ᠶᠡᠭᠡ ᠨᠥᠯᠥᠭᠡᠯᠡᠭᠳᠡᠬᠦ ᠬᠤᠲᠠ ᠳᠤ᠂ ᠠᠳᠠᠯᠢ ᠪᠤᠰᠤ ᠤᠯᠠᠷᠢᠯ ᠳᠠᠬᠢ ᠬᠤᠨᠤᠭ ᠤᠨ ᠵᠠᠷᠤᠳᠠᠯ ᠢ ᠨᠠᠩ ᠵᠣᠬᠢᠰᠲᠠᠢ ᠲᠤᠰᠬᠠᠬᠤ ᠶᠢᠨ ᠲᠥᠯᠥᠭᠡ᠂ ᠵᠢᠭᠤᠯᠴᠢᠯᠠᠯ ᠤᠨ ᠬᠥᠭᠵᠢᠶᠡᠨ ᠦᠭᠡᠢ ᠤᠯᠠᠷᠢᠯ ᠪᠠ ᠬᠥᠭᠵᠢᠶᠡᠨᠲᠡᠢ ᠤᠯᠠᠷᠢᠯ ᠤᠨ ᠪᠠᠷᠢᠮᠵᠢᠶ᠎ᠠ ᠶᠢ ᠬᠡᠷᠡᠭᠵᠢᠭᠦᠯᠦᠨ᠂ ᠬᠤᠨᠤᠭ ᠤᠨ ᠵᠠᠷᠤᠳᠠᠯ ᠤᠨ ᠬᠢᠵᠠᠭᠠᠷᠯᠠᠬᠤ ᠪᠠᠷᠢᠮᠵᠢᠶ᠎ᠠ ᠶᠢ ᠬᠥᠭᠵᠢᠶᠡᠨᠲᠡᠢ ᠤᠯᠠᠷᠢᠯ ᠳᠤ ᠵᠣᠬᠢᠬᠤ ᠬᠠᠷᠢᠴᠠᠯ ᠢᠶᠠᠷ ᠥᠰᠬᠡᠪᠡ᠃   ᠪᠡᠯᠡ ᠮᠥᠩᠭᠦ ᠶᠢ ᠮᠡᠬᠡᠯᠡᠨ ᠠᠪᠬᠤ ᠨᠢ ᠲᠣᠭᠲᠠᠭᠠᠯ ᠠᠴᠠ ᠵᠥᠷᠢᠴᠡᠭᠰᠡᠨ ᠦᠦ︖  ᠡᠨᠡ ᠤᠳᠠᠭ᠎ᠠ ᠠᠯᠪᠠᠨ ᠶᠠᠪᠤᠳᠠᠯ ᠢᠶᠠᠷ ᠰᠠᠨᠶᠠ ᠳᠤ ᠭᠤᠷᠪᠠᠨ ᠡᠳᠦᠷ ᠪᠣᠯᠵᠠᠢ᠂ ᠳᠥᠩᠭᠡᠵᠦ ᠨᠢᠭᠡ ᠤᠳᠠᠭ᠎ᠠ ᠭᠠᠷᠴᠤ ᠢᠷᠡᠭᠰᠡᠨ ᠶᠤᠮ ᠴᠢᠨᠢ ᠳᠠᠭᠠᠤ ᠳᠤ ᠨᠢ ᠢᠯᠡᠭᠦᠦ ᠬᠤᠶᠠᠷ ᠡᠳᠦᠷ ᠰᠠᠭᠤᠴᠢᠬᠠᠶ᠎ᠠ᠂ ᠵᠣᠴᠢᠳ ᠤᠨ ᠪᠠᠭᠤᠳᠠᠯ ᠢᠶᠠᠷ ᠪᠢᠳᠡᠨ ᠳᠤ ᠲᠠᠪᠤᠨ ᠡᠳᠦᠷ ᠤᠨ ᠪᠠᠭᠤᠳᠠᠯ ᠤᠨ ᠰᠦᠢᠳᠬᠡᠯ ᠢ ᠭᠤᠷᠪᠠᠨ ᠡᠳᠦᠷ ᠢᠶᠠᠷ ᠲᠡᠭᠰᠢᠳᠬᠡᠨ ᠨᠣᠭᠳᠠᠭᠤᠯᠵᠤ ᠪᠠᠷᠢᠮᠲᠠ ᠪᠢᠴᠢᠭᠦᠯᠦᠶ᠎ᠡ᠂ ᠶᠠᠭᠠᠬᠢᠭᠰᠠᠨ ᠴᠤ ᠬᠠᠮᠤᠭ ᠥᠨᠳᠥᠷ ᠪᠠᠷᠢᠮᠵᠢᠶ᠎ᠠ ᠠᠴᠠ ᠬᠡᠲᠦᠷᠡᠭᠦᠯᠬᠦ ᠦᠭᠡᠢ    ᠵᠥᠪ ᠦᠦ ᠪᠤᠷᠤᠭᠤ ᠦᠦ︖  ᠪᠤᠷᠤᠭᠤ︕ ᠪᠠᠭᠤᠳᠠᠯ ᠤᠨ ᠰᠦᠢᠳᠬᠡᠯ ᠤᠨ ᠪᠠᠷᠢᠮᠲᠠ ᠶᠢ ᠬᠤᠳᠠᠯ ᠢᠶᠠᠷ ᠪᠢᠴᠢᠵᠦ ᠲᠣᠭᠲᠠᠭᠠᠯ ᠠᠴᠠ ᠵᠥᠷᠢᠴᠡᠨ ᠵᠢᠭᠤᠯᠴᠢᠯᠠᠯ ᠤᠨ ᠵᠠᠷᠤᠳᠠᠯ ᠢ ᠲᠤᠯᠭᠠᠨ ᠬᠠᠰᠤᠬᠤ ᠨᠢ ᠤᠯᠠᠭᠠᠨ ᠱᠤᠭᠤᠮ ᠢ ᠳᠠᠪᠠᠭᠰᠠᠨ ᠦᠢᠯᠡ ᠠᠵᠢᠯᠯᠠᠭ᠎ᠠ ᠪᠣᠯᠣᠨ᠎ᠠ᠃   ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠲᠤᠬᠠᠢ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠢᠶᠠᠷ᠂ ᠬᠠᠮᠢᠶ᠎ᠠ ᠪᠦᠬᠦᠢ ᠤᠳᠤᠷᠢᠳᠤᠯᠭ᠎ᠠ᠂ ᠡᠳ᠋ ᠤᠨ ᠶᠠᠪᠤᠳᠠᠯ ᠤᠨ ᠠᠵᠢᠯᠲᠠᠳ ᠵᠡᠷᠭᠡ ᠬᠥᠮᠥᠰ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠵᠠᠷᠤᠳᠠᠯ ᠤᠨ ᠳᠠᠩᠰᠠ ᠲᠠᠶᠢᠯᠬᠤ ᠠᠵᠢᠯ ᠢ ᠴᠢᠩᠭ᠎ᠠ ᠬᠢᠨᠠᠨ ᠪᠠᠶᠢᠴᠠᠭᠠᠵᠤ᠂ ᠫᠢᠶᠣᠣ ᠪᠠᠷᠢᠮᠲᠠ ᠶᠢᠨ ᠢᠷᠡᠯᠲᠡ ᠨᠢ ᠬᠠᠤᠯᠢ ᠶᠣᠰᠣᠨ ᠤ᠂ ᠠᠭᠤᠯᠭ᠎ᠠ ᠨᠢ ᠦᠨᠡᠨ ᠪᠣᠳᠠᠲᠠᠢ ᠪᠥᠭᠡᠳ ᠪᠦᠷᠢᠨ ᠭᠦᠢᠴᠡᠳ᠂ ᠲᠣᠭᠲᠠᠭᠠᠯ ᠳᠤ ᠨᠡᠶᠢᠴᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ᠂ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠵᠠᠷᠤᠳᠠᠯ ᠢᠶᠠᠨ ᠲᠣᠭᠲᠠᠭᠠᠯ ᠶᠣᠰᠣᠭᠠᠷ ᠵᠠᠷᠤᠭᠰᠠᠨ ᠦᠭᠡᠢ ᠪᠠ ᠳᠠᠩᠰᠠᠨ ᠠᠴᠠ ᠲᠠᠶᠢᠯᠤᠭᠰᠠᠨ ᠦᠭᠡᠢ ᠬᠥᠮᠥᠰ ᠢ ᠴᠢᠩᠭ᠎ᠠ ᠰᠢᠢᠳᠬᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠭᠰᠡᠨ ᠪᠡᠯᠡ ᠮᠥᠩᠭᠦ ᠶᠢ ᠨᠢ ᠨᠡᠬᠡᠮᠵᠢᠯᠡᠨ ᠪᠤᠴᠠᠭᠠᠯᠭᠠᠬᠤ ᠬᠡᠷᠡᠭᠲᠡᠢ᠃  ᠰᠠᠬᠢᠯᠭ᠎ᠠ ᠪᠠᠲᠤ ᠶᠢᠨ ᠰᠠᠨᠠᠭᠤᠯᠤᠮᠵᠢ  ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠳᠠᠩᠰᠠ᠂ ᠠᠵᠤ ᠠᠬᠤᠢ ᠶᠢᠨ ᠳᠠᠩᠰᠠ᠂ ᠨᠡᠷ᠎ᠡ ᠲᠦᠷᠦ ᠶᠢᠨ ᠳᠠᠩᠰᠠ ᠪᠠᠨ ᠰᠠᠶᠢᠲᠤᠷ ᠪᠤᠳᠤᠬᠤ ᠬᠡᠷᠡᠭᠲᠡᠢ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠠᠵᠢᠯᠯᠠᠭ᠎ᠠ ᠶᠢᠨ ᠲᠠᠯ᠎ᠠ ᠪᠠᠷ ᠬᠢ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠲᠡᠷᠰᠯᠡᠵᠦ ᠪᠣᠯᠬᠤ ᠦᠭᠡᠢ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠠᠷᠪᠢᠯᠠᠨ ᠭᠠᠮᠨᠠᠬᠤ ᠶᠢ ᠡᠷᠬᠢᠮᠯᠡᠵᠦ᠂ ᠠᠯᠪᠠᠨ ᠤ ᠪᠠ ᠬᠤᠪᠢ ᠶᠢᠨ ᠵᠠᠭᠠᠭ ᠱᠤᠭᠤᠮ ᠢ ᠶᠠᠭᠠᠬᠢᠭᠰᠠᠨ ᠴᠤ ᠬᠤᠳᠬᠤᠯᠳᠤᠭᠤᠯᠵᠤ ᠪᠣᠯᠬᠤ ᠦᠭᠡᠢ᠂ ᠶᠠᠭᠠᠬᠢᠭᠰᠠᠨ ᠴᠤ ᠵᠠᠪᠰᠢᠶᠠᠨ ᠳᠠᠯᠢᠮᠳᠠᠭᠤᠯᠬᠤ ᠶᠢ ᠪᠤᠳᠤᠵᠤ ᠪᠣᠯᠬᠤ ᠦᠭᠡᠢ᠂ ᠶᠠᠭᠠᠬᠢᠭᠰᠠᠨ ᠴᠤ ᠪᠠᠭ᠎ᠠ ᠵᠦᠢᠯ ᠳᠤ ᠳᠤᠷᠠᠯᠠᠭᠠᠳ ᠶᠡᠭᠡ ᠠᠯᠳᠠᠰᠢ ᠭᠠᠷᠭᠠᠵᠤ ᠪᠣᠯᠬᠤ ᠦᠭᠡᠢ᠃ 
 
ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1