ᠴᠢᠩ ᠱᠦᠢ ᠾᠧ ᠰᠢᠶᠠᠨ ︽6 · 14 ᠢᠲᠡᠭᠡᠮᠵᠢ ᠶᠢᠨ ᠲᠡᠮᠳᠡᠭᠯᠡᠯ ᠢ ᠬᠠᠯᠠᠮᠵᠢᠯᠠᠬᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/17
     ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠲᠠ ᠶᠢᠨ ᠠᠷᠠᠳ ᠤᠨ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠰᠢᠶᠠᠨ ᠤ ᠬᠡᠪᠴᠢᠶᠡᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠢ ᠾᠧ ᠰᠢᠶᠠᠨ ᠰᠢᠶᠠᠨ ᠤ ᠮᠦᠽᠧᠢ ᠠᠭᠤᠳᠠᠮ ᠲᠠᠯᠠᠪᠠᠢ ᠳᠤ 2025 ᠣᠨ ᠤ ︽6 · 14 ᠢᠲᠡᠭᠡᠮᠵᠢ ᠶᠢᠨ ᠲᠡᠮᠳᠡᠭᠯᠡᠯ ᠢ ᠬᠠᠯᠠᠮᠵᠢᠯᠠᠬᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠪᠡᠳᠡᠭᠰᠢ ᠶᠡᠭᠡ ᠪᠠᠷ ᠡᠷᠬᠢᠯᠡᠪᠡ᠃ ᠲᠤᠰ ᠤᠳᠠᠭᠠᠨ ᠤ ᠠᠵᠢᠯᠯᠠᠭ᠎ᠠ ᠨᠢ ︽ᠢᠲᠡᠭᠡᠮᠵᠢ ᠶᠢᠨ ᠳᠠᠷᠪᠠᠭᠤᠯ ᠢ ᠬᠡᠶᠢᠰᠬᠡᠨ ᠪᠣᠯᠪᠠᠰᠤᠨ ᠴᠢᠩ ᠱᠦᠢ ᠾᠧ ᠶᠢ ᠪᠠᠶᠢᠭᠤᠯᠬᠤ︾ ᠭᠡᠬᠦ ᠭᠤᠣᠯ ᠰᠡᠳᠦᠪ ᠤᠨ ᠲᠣᠭᠤᠷᠢᠨ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠢᠶᠠᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠡᠷᠬᠢᠯᠡᠵᠦ᠂ 20 ᠭᠠᠷᠤᠢ ᠪᠠᠶᠢᠭᠤᠯᠭ᠎ᠠ ᠨᠢᠭᠡᠴᠡ ᠲᠥᠪᠯᠡᠷᠡᠭᠦᠯᠦᠨ ᠤᠬᠠᠭᠤᠯᠬᠤ ᠳᠤ ᠣᠷᠣᠯᠴᠠᠵᠤ᠂ ᠡᠯ᠎ᠡ ᠰᠢᠶᠠᠩ ᠪᠠᠯᠭᠠᠰᠤ ᠵᠡᠷᠭᠡ ᠪᠠᠷ ᠣᠨᠴᠠᠯᠢᠭᠲᠤ ᠠᠵᠢᠯᠯᠠᠭ᠎ᠠ ᠥᠷᠨᠢᠭᠦᠯᠪᠡ᠃ 
清水河县开展“6·14信用记录关爱日”主题宣传活动11.jpg
     ᠣᠯᠠᠨ ᠡᠰᠢᠲᠦ ᠤᠬᠠᠭᠤᠯᠭ᠎ᠠ ᠶᠢᠨ ᠵᠢᠭᠰᠠᠭᠠᠯ᠄ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠬᠥᠮᠦᠨ ᠤ ᠰᠡᠳᠬᠢᠯ ᠢ ᠰᠢᠮᠡᠵᠢᠭᠦᠯᠦᠨ᠎ᠡ     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠬᠤᠪᠢ ᠬᠥᠮᠦᠨ ᠤ ᠢᠲᠡᠭᠡᠮᠵᠢ ᠶᠢᠨ ᠲᠡᠮᠳᠡᠭᠯᠡᠯ ᠤᠨ ᠴᠢᠬᠤᠯᠠ ᠴᠢᠨᠠᠷ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠦᠯᠦᠯᠲᠡ ᠶᠢ ᠬᠡᠷᠬᠢᠨ ᠪᠠᠶᠢᠴᠠᠭᠠᠨ ᠯᠠᠪᠯᠠᠬᠤ᠂ ᠰᠠᠶᠢᠨ ᠰᠠᠶᠢᠬᠠᠨ ᠢᠲᠡᠭᠡᠮᠵᠢ ᠶᠢᠨ ᠲᠡᠮᠳᠡᠭᠯᠡᠯ ᠢ ᠬᠡᠷᠬᠢᠨ ᠬᠠᠮᠠᠭᠠᠯᠠᠬᠤ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ᠂ ᠡᠯ᠎ᠡ ᠨᠢᠭᠡᠴᠡ ᠪᠠᠰᠠ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠳᠤ ᠢᠲᠡᠭᠡᠮᠵᠢᠲᠦ ᠵᠢᠭᠡᠯᠡᠯᠭᠡ᠂ ᠢᠲᠡᠭᠡᠮᠵᠢ ᠶᠢᠨ ᠺᠠᠷᠲ ᠢ ᠭᠦᠢᠴᠡᠳᠬᠡᠬᠦ᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠵᠡᠷᠭᠡ ᠲᠠᠯ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠪᠡ᠃ ᠪᠠᠰᠠ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠠᠭᠤᠯᠭ᠎ᠠ ᠶᠢᠨ ᠲᠣᠭᠤᠷᠢᠨ ᠳᠤ᠂ ︽ᠦᠵᠡᠭᠦᠯᠭᠡ ᠶᠢᠨ ᠰᠠᠮᠪᠠᠷ᠎ᠠ ᠳᠡᠭᠡᠷ᠎ᠡ ᠳᠡᠯᠭᠡᠨ ᠦᠵᠡᠭᠦᠯᠬᠦ + ᠮᠠᠲ᠋ᠧᠷᠢᠶᠠᠯ ᠲᠠᠷᠬᠠᠭᠠᠬᠤ + ᠬᠡᠷᠡᠭ ᠤᠨ ᠵᠢᠱᠢᠶ᠎ᠡ ᠶᠢ ᠤᠬᠠᠭᠤᠯᠤᠨ ᠲᠠᠶᠢᠯᠪᠤᠷᠢᠯᠠᠬᠤ︾ ᠪᠣᠰᠤᠭ᠎ᠠ ᠴᠣᠭᠴᠠᠲᠤ ᠤᠬᠠᠭᠤᠯᠭ᠎ᠠ ᠶᠢᠨ ᠲᠣᠣᠷ ᠢ ᠪᠠᠶᠢᠭᠤᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠣᠶᠢᠷ᠎ᠠ ᠶᠢᠨ ᠵᠢᠯ ᠳᠤ ᠴᠣᠯᠭᠤᠷᠠᠨ ᠭᠠᠷᠤᠭᠰᠠᠨ ︽ᠦᠨᠡᠨᠴᠢ ᠢᠲᠡᠭᠡᠮᠵᠢ ᠲᠠᠢ ᠬᠥᠮᠦᠰ︾᠂ ︽ᠦᠨᠡᠨᠴᠢ ᠢᠲᠡᠭᠡᠮᠵᠢ ᠶᠢᠨ ᠳᠠᠭᠠᠭᠤᠯᠤᠭᠴᠢ︾᠂ ︽ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ︾ ᠤᠨ ᠲᠡᠷᠢᠭᠦᠨ ᠤ ᠦᠢᠯᠡ ᠠᠵᠢᠯᠯᠠᠭ᠎ᠠ ᠶᠢ ᠳᠡᠯᠭᠡᠨ ᠦᠵᠡᠭᠦᠯᠵᠡᠢ᠃
清水河县开展“6·14信用记录关爱日”主题宣传活动21.jpg
      ᠠᠵᠢᠯᠲᠠᠳ ᠣᠯᠠᠨ ᠲᠦᠮᠡᠨ ᠳᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠢᠲᠡᠭᠡᠮᠵᠢ ᠶᠢᠨ ᠲᠡᠮᠳᠡᠭᠯᠡᠯ ᠤᠨ ᠬᠤᠪᠢ ᠬᠥᠮᠦᠨ ᠤ ᠵᠢᠭᠡᠯᠡᠯᠭᠡ᠂ ᠠᠵᠤ ᠠᠬᠤᠶᠢᠯᠠᠯ ᠤᠨ ᠡᠵᠡᠩᠨᠡᠯᠲᠡ ᠵᠡᠷᠭᠡ ᠲᠠᠯ᠎ᠠ ᠳᠤ ᠦᠵᠡᠭᠦᠯᠬᠦ ᠨᠥᠯᠥᠭᠡ ᠶᠢ ᠨᠠᠷᠢᠨ ᠲᠣᠲᠤᠷᠬᠠᠢ ᠲᠠᠶᠢᠯᠪᠤᠷᠢᠯᠠᠵᠤ᠂ ︽ᠬᠤᠪᠢ ᠬᠥᠮᠦᠨ ᠤ ᠢᠲᠡᠭᠡᠮᠵᠢ ᠶᠢᠨ ᠮᠡᠳᠡᠭᠦᠯᠦᠯᠲᠡ ᠶᠢ ᠬᠡᠷᠬᠢᠨ ᠪᠠᠶᠢᠴᠠᠭᠠᠨ ᠯᠠᠪᠯᠠᠬᠤ︾᠂ ︽ᠢᠲᠡᠭᠡᠮᠵᠢ ᠶᠢᠨ ᠰᠡᠷᠭᠦᠭᠡᠯᠲᠡ ᠶᠢᠨ ᠴᠤᠪᠤᠷᠠᠯ︾ ᠵᠡᠷᠭᠡ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠵᠡᠭᠦᠯᠭᠡ ᠶᠢᠨ ᠲᠣᠭᠤᠷᠢᠭ ᠨᠢ ᠨᠡᠩ ᠬᠥᠷ ᠬᠥᠭᠵᠢᠶᠡᠨ ᠲᠠᠢ ᠪᠠᠶᠢᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ ᠪᠠᠩᠬᠢ ᠵᠡᠷᠭᠡ ᠣᠯᠠᠨ ᠪᠠᠩᠬᠢ ᠶᠢᠨ ᠠᠵᠢᠯᠲᠠᠳ ᠢᠲᠡᠭᠡᠮᠵᠢ ᠣᠯᠤᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠤᠷ ᠲᠤ ᠬᠤᠲᠠ ᠶᠢᠨ ᠠᠷᠠᠳ ᠤᠨ ᠢᠲᠡᠭᠡᠮᠵᠢ ᠶᠢᠨ ᠺᠠᠷᠲ ᠤᠨ ᠬᠤᠭᠤᠴᠠᠭ᠎ᠠ  ᠨᠢ ᠬᠡᠲᠦᠷᠡᠬᠦ᠂ ᠵᠢᠭᠡᠯᠡᠯᠭᠡ ᠶᠢ ᠬᠢᠨᠠᠨ ᠵᠥᠪᠰᠢᠶᠡᠷᠡᠬᠦ ᠵᠡᠷᠭᠡ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ︾ ᠥᠷᠲᠡᠭ ᠤᠨ ᠦᠵᠡᠯᠲᠡ ᠶᠢ ᠪᠣᠢ ᠪᠣᠯᠭᠠᠪᠠ᠃     ᠣᠨᠴᠠᠯᠢᠭᠲᠤ ᠠᠵᠢᠯᠯᠠᠭ᠎ᠠ ᠠᠷᠤ ᠠᠷᠤ ᠠᠴᠠ ᠪᠠᠨ ᠶᠠᠪᠤᠭᠳᠠᠵᠤ᠄ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡᠪᠡᠷ ᠬᠦᠴᠦᠯᠡᠨ᠎ᠡ     ᠲᠥᠪᠯᠡᠷᠡᠭᠦᠯᠦᠨ ᠤᠬᠠᠭᠤᠯᠬᠤ ᠠᠴᠠ ᠭᠠᠳᠠᠨ᠎ᠠ᠂ ᠡᠯ᠎ᠡ ᠨᠢᠭᠡᠴᠡ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ ᠵᠥᠷᠢᠶᠡᠴᠢᠯᠡᠭᠰᠡᠨ ᠠᠵᠢᠯᠯᠠᠭ᠎ᠠ ᠥᠷᠨᠢᠭᠦᠯᠦᠨ᠎ᠡ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠦᠨᠡᠨᠴᠢ ᠢᠲᠡᠭᠡᠮᠵᠢ ᠰᠤᠷᠭᠠᠭᠤᠯᠢ ᠶᠢᠨ ᠬᠦᠷᠢᠶᠡᠨ ᠳᠤ ᠣᠷᠣᠬᠤ︾ ᠪᠠᠷ ᠭᠠᠷᠳᠠᠴᠠ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠭᠤᠣᠯ ᠰᠡᠳᠦᠪᠲᠦ ᠠᠩᠭᠢ ᠶᠢᠨ ᠬᠤᠷᠠᠯ᠂ ᠦᠨᠡᠨᠴᠢ ᠢᠲᠡᠭᠡᠮᠵᠢ ᠶᠢᠨ ᠰᠡᠳᠦᠪᠲᠤ ᠬᠠᠭᠤᠯᠤᠮᠠᠯ ᠰᠣᠨᠢᠨ ᠤ ᠤᠷᠤᠯᠳᠤᠭᠠᠨ ᠵᠡᠷᠭᠡ ᠬᠡᠯᠪᠡᠷᠢ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠦᠨᠡᠨᠴᠢ ᠢᠲᠡᠭᠡᠮᠵᠢᠲᠡᠢ ᠪᠠᠶᠢᠬᠤ ᠵᠠᠩ ᠴᠢᠨᠠᠷ ᠢ ᠪᠤᠶᠢᠵᠢᠭᠤᠯᠪᠠ︔ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ︽ᠦᠨᠡᠨᠴᠢ ᠢᠲᠡᠭᠡᠮᠵᠢᠲᠡᠢ ᠪᠠᠷ ᠡᠮᠨᠡᠭᠦᠯᠬᠦ︾ ᠤᠬᠠᠭᠤᠯᠭ᠎ᠠ ᠶᠢᠨ ᠴᠡᠭ ᠭᠠᠷᠭᠠᠵᠤ᠂ ᠡᠪᠡᠳᠴᠢᠲᠡᠨ ᠤ ᠣᠨᠣᠰᠢᠯᠠᠨ ᠡᠮᠨᠡᠬᠦ ᠡᠮᠬᠢ ᠲᠢᠭᠯᠢᠮ ᠢ ᠵᠢᠷᠤᠮᠯᠠᠵᠤ᠂ ᠰᠦᠢᠳᠬᠡᠯ ᠲᠤᠰᠢᠶᠠᠬᠤ ᠡᠭᠦᠷᠭᠡ ᠪᠠᠨ ᠭᠦᠢᠴᠡᠳᠬᠡᠬᠦ ᠶᠢ ᠰᠠᠨᠠᠭᠠᠴᠢᠯᠠᠪᠠ︔ ᠰᠢᠶᠠᠨ ᠤ ᠠᠷᠠᠳ ᠤᠨ ᠰᠢᠭᠦᠬᠦ ᠬᠤᠷᠢᠶ᠎ᠠ ᠢᠲᠡᠭᠡᠯ ᠢᠶᠠᠨ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠢᠯᠡ ᠪᠠᠷ ᠨᠡᠶᠢᠲᠡᠯᠡᠵᠦ᠂ ᠬᠠᠤᠯᠢ ᠴᠠᠭᠠᠵᠠ ᠪᠠᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ 
清水河县开展“6·14信用记录关爱日”主题宣传活动31.jpg
     ᠡᠯ᠎ᠡ ᠰᠢᠶᠠᠩ ᠪᠠᠯᠭᠠᠰᠤ ᠦᠨᠡᠨᠴᠢ ᠢᠲᠡᠭᠡᠮᠵᠢ ᠶᠢᠨ ︽ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠤ ᠣᠷᠣᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡ ᠪᠠᠷ ᠡᠬᠢᠯᠡᠭᠦᠯᠪᠡ᠃ ᠬᠤᠩ ᠾᠧ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠲᠦᠰᠢᠭᠯᠡᠨ᠂ ︽ᠦᠨᠡᠨᠴᠢ ᠢᠲᠡᠭᠡᠮᠵᠢ ᠶᠢᠨ ᠣᠳᠣ︾ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠪᠡ︔ ᠶᠣᠣ ᠭᠧᠤ ᠰᠢᠶᠠᠩ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠤᠨ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠵᠤ᠂ ᠢᠲᠡᠭᠡᠮᠵᠢ ᠶᠢᠨ ᠮᠡᠳᠡᠯᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠵᠤ᠂ ᠲᠣᠰᠬᠤᠨ ᠤ ᠠᠷᠠᠳ ᠤᠨ ᠦᠨᠡᠨᠴᠢ ᠢᠲᠡᠭᠡᠮᠵᠢᠲᠡᠢ ᠡᠵᠡᠩᠨᠡᠯᠲᠡ᠂ ᠪᠣᠯᠪᠠᠰᠤᠨ ᠠᠮᠢᠳᠤᠷᠠᠯ ᠢ ᠬᠦᠳᠦᠯᠦᠨ ᠵᠢᠯᠣᠭᠤᠳᠪᠠ᠃ ︽ᠪᠥᠬᠦ ᠰᠢᠶᠠᠨ ᠢᠶᠠᠷ ᠢᠶᠠᠨ ᠬᠤᠯᠪᠣᠭᠠᠯᠠᠨ ᠬᠥᠳᠡᠯᠦᠯᠴᠡᠵᠦ᠂ ᠠᠵᠢᠯ ᠲᠥᠷᠥᠯ ᠤᠨ ᠬᠢᠨ ᠬᠠᠮᠵᠢᠯᠴᠠᠬᠤ︾ ᠶᠢ ᠪᠠᠷᠢᠮᠲᠠᠯᠠᠨ᠂ ᠢᠲᠡᠭᠡᠮᠵᠢ ᠶᠢᠨ ᠤᠬᠠᠭᠤᠯᠭ᠎ᠠ ᠶᠢ ᠬᠤᠲᠠ ᠶᠢᠨ ᠲᠣᠭᠤᠷᠢᠭ ᠠᠴᠠ ᠬᠥᠳᠡᠭᠡ ᠲᠣᠰᠬᠤᠨ ᠳᠤ ᠬᠦᠷᠲᠡᠯ᠎ᠡ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠪᠡ᠃     ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠭᠤᠰᠤᠯᠴᠠᠯ᠄ ᠢᠲᠡᠭᠡᠮᠵᠢ ᠶᠢᠨ ᠳᠠᠮᠵᠢᠭᠤᠯᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ     ᠠᠵᠢᠯᠯᠠᠭ᠎ᠠ ᠨᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ︾ ᠬᠤᠣᠰ ᠠᠷᠭ᠎ᠠ ᠵᠠᠮ ᠤᠨ ᠤᠬᠠᠭᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ ᠰᠦᠯᠵᠢᠶᠡᠨ ᠭᠠᠳᠠᠭᠤᠷ᠂ ᠡᠯ᠎ᠡ ᠨᠢᠭᠡᠴᠡ ᠶᠢᠨ ᠡᠯᠧᠺᠲᠷᠣᠨ ᠳᠡᠯᠭᠡᠴᠡ ᠳᠤ ︽ᠦᠨᠡᠨᠴᠢ ᠢᠲᠡᠭᠡᠮᠵᠢ ᠪᠣᠯ ᠠᠯᠲᠠ ᠮᠥᠨ︾᠂ ︽ᠢᠲᠡᠭᠡᠮᠵᠢ ᠲᠠᠢ ᠪᠣᠯ ᠳᠡᠯᠡᠬᠡᠢ ᠪᠠᠷ ᠶᠠᠪᠤᠵᠤ᠂ ᠢᠲᠡᠭᠡᠯ ᠠᠯᠳᠠᠪᠠᠯ ᠲᠥᠭᠡ ᠠᠯᠬᠤᠬᠤ ᠳᠤ ᠬᠦᠴᠢᠷ︾ ᠵᠡᠷᠭᠡ ᠤᠷᠢᠶ᠎ᠠ ᠯᠣᠽᠦ᠋ᠩ ᠨᠡᠪᠲᠡᠷᠡᠭᠦᠯᠵᠦ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠳᠤ ᠢᠲᠡᠭᠡᠮᠵᠢ ᠶᠢᠨ ᠮᠡᠳᠡᠯᠭᠡ ᠶᠢᠨ ᠵᠠᠷᠯᠠᠯ ᠨᠠᠭᠠᠵᠠᠢ︔ ᠰᠦᠯᠵᠢᠶᠡᠨ ᠳᠡᠭᠡᠷ᠎ᠡ᠂ ᠰᠢᠶᠠᠨ ᠤ ᠬᠠᠮ ᠵᠠᠭᠤᠴᠢᠯᠠᠭᠤᠷ ᠤᠨ ᠲᠥᠪ ᠠᠴᠠ ︽ᠠᠮᠢᠵᠢᠷᠠᠯ ᠤᠨ ᠬᠦᠴᠦᠨ ᠪᠢᠯᠬᠠᠭᠰᠠᠨ ᠴᠢᠩ ᠱᠦᠢ ᠾᠧ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠤᠨ ᠸᠢᠳᠢᠣ᠋᠂ ᠢᠲᠡᠭᠡᠮᠵᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠵᠣᠬᠢᠶᠠᠯ ᠨᠡᠶᠢᠲᠡᠯᠡᠪᠡ᠃ 
清水河县开展“6·14信用记录关爱日”主题宣传活动41.jpg
     ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 2000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠰᠠᠭᠤᠨ ᠯᠠᠪᠯᠠᠬᠤ ᠳᠤ ᠣᠷᠣᠯᠴᠠᠭᠰᠠᠨ ᠣᠯᠠᠨ ᠲᠦᠮᠡᠨ ᠢ 300 ᠭᠠᠷᠤᠢ ᠬᠥᠮᠦᠨ ᠤᠳᠠᠭ᠎ᠠ ᠬᠦᠯᠢᠶᠡᠨ ᠠᠪᠴᠤ᠂ ᠤᠬᠠᠭᠤᠯᠬᠤ ᠳᠤ ᠣᠷᠣᠯᠴᠠᠭᠰᠠᠨ ᠬᠥᠮᠦᠨ ᠤ ᠲᠤᠭ᠎ᠠ ᠨᠢ 100 ᠬᠥᠮᠦᠨ ᠢ ᠳᠠᠪᠠᠵᠠᠢ᠃ ᠠᠵᠢᠯᠯᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠯᠬᠤᠮ ᠳᠤ ᠲᠤᠰ ᠤᠳᠠᠭᠠᠨ ᠤ ᠤᠬᠠᠭᠤᠯᠭ᠎ᠠ ᠪᠠᠷ ᠠᠵᠠ ᠲᠣᠬᠢᠶᠠᠯ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠭᠤᠰᠤᠯᠴᠠᠭᠤᠯᠵᠤ᠂ ︽ᠢᠲᠡᠭᠡᠮᠵᠢ ᠶᠢ ᠰᠤᠷᠤᠯᠴᠠᠬᠤ᠂ ᠢᠲᠡᠭᠡᠮᠵᠢ ᠶᠢ ᠣᠶᠢᠯᠠᠭᠠᠬᠤ᠂ ᠢᠲᠡᠭᠡᠮᠵᠢ ᠶᠢ ᠬᠡᠷᠡᠭᠯᠡᠬᠦ︾ ᠶᠢ ᠴᠢᠩ ᠱᠦᠢ ᠾᠧ ᠰᠢᠶᠠᠨ ᠤ ᠬᠤᠲᠠ ᠶᠢᠨ ᠨᠡᠷ᠎ᠡ ᠶᠢᠨ ᠬᠠᠭᠤᠳᠠᠰᠤ ᠪᠣᠯᠭᠠᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨᠴᠢ ᠢᠲᠡᠭᠡᠮᠵᠢ ᠶᠢᠨ ᠰᠠᠭᠤᠷᠢ ᠶᠢ ᠪᠠᠬᠢᠵᠢᠭᠦᠯᠦᠨ᠎ᠡ᠃ 
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1