︽ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ | ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠦᠯᠦ | ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠᠷ ᠰᠠᠭᠤᠷᠢ ᠪᠣᠯᠭᠠᠵᠤ᠂ ᠡᠬᠢ ᠪᠠᠶᠠᠯᠢᠭ ᠤᠨ ᠨᠡᠶᠢᠲᠡ ᠳᠤ ᠥᠮᠴᠢᠯᠡᠬᠦ᠂ | ᠪᠣᠳᠠᠰ ᠤᠨ ᠡᠷᠬᠡ ᠶᠢ ᠬᠠᠤᠯᠢ ᠪᠠᠷ ᠲᠣᠭᠲᠠᠭᠠᠬᠤ ᠪᠠ ᠡᠷᠬᠡ ᠶᠢ ᠨᠢᠭᠡᠳᠦᠯᠲᠡᠢ ᠲᠣᠭᠲᠠᠭᠠᠵᠤ ᠳᠠᠩᠰᠠᠯᠠᠬᠤ ᠵᠠᠷᠴᠢᠮ | ᠶᠣᠰᠣᠭᠠᠷ᠂ ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠬᠤᠩ ᠡᠾᠧ ᠭᠤᠣᠯ ᠤᠨ ᠤᠯᠤᠰ ᠤᠨ ᠨᠤᠭᠤ | ᠭᠠᠵᠠᠷ ᠤᠨ ᠴᠡᠴᠡᠷᠯᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠨ | ᠲᠡᠮᠳᠡᠭᠯᠡᠬᠦ ᠶᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠨᠢᠭᠡᠴᠢ ᠶᠢᠨ ᠤᠷᠢᠳᠴᠢᠯᠠᠨ ᠬᠤᠪᠢᠶᠠᠷᠢᠯᠠᠯ | ᠲᠤᠰ ᠤᠳᠠᠭᠠᠨ ᠤ ᠳᠠᠩᠰᠠᠯᠠᠯᠲᠠ ᠨᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠠᠭᠠᠭ ᠱᠤᠭᠤᠮ ᠢᠶᠠᠷ | ᠰᠠᠭᠤᠷᠢ ᠪᠣᠯᠭᠠᠵᠤ᠂ ᠨᠡᠶᠢᠲᠡ 1 ᠳᠠᠩᠰᠠᠯᠠᠬᠤ ᠨᠢᠭᠡᠴᠢ ᠶᠢ ᠤᠷᠢᠳᠴᠢᠯᠠᠨ ᠬᠤᠪᠢᠶᠠᠷᠢᠯᠠᠪᠠ᠂ ᠳᠠᠷᠤᠢ ᠥᠪᠥᠷ | ᠮᠣᠩᠭᠤᠯ ᠤᠨ ᠴᠢᠩ ᠱᠦᠢ ᠾᠧ ᠰᠢᠶᠠᠨ ᠤ ᠬᠤᠩ ᠡᠾᠧ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ | ᠪᠣᠯᠤᠨ᠎ᠠ᠃ | ᠬᠤᠶᠠᠷ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠠᠵᠢᠯ ᠢ ᠥᠷᠨᠢᠭᠦᠯᠦᠭᠰᠡᠨ ᠴᠠᠭ ᠬᠤᠭᠤᠴᠠᠭ᠎ᠠ | ᠲᠤᠰ ᠤᠳᠠᠭᠠᠨ ᠤ ᠪᠠᠶᠢᠭᠠᠯᠢ ᠶᠢᠨ ᠡᠬᠢ ᠪᠠᠶᠠᠯᠢᠭ ᠢ ᠠᠩᠬ᠎ᠠ ᠤᠳᠠᠭ᠎ᠠ ᠳᠠᠩᠰᠠᠯᠠᠬᠤ ᠠᠵᠢᠯ ᠢ ᠥᠷᠨᠢᠭᠦᠯᠬᠦ | ᠴᠠᠭ ᠨᠢ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ | ᠪᠣᠯᠲᠠᠯ᠎ᠠ ᠶᠠᠪᠤᠭᠳᠠᠨ᠎ᠠ᠃ | ᠭᠤᠷᠪᠠ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠬᠡᠯᠪᠡᠷᠢ᠂ ᠬᠡᠪᠴᠢᠶ᠎ᠡ | ᠳᠠᠩᠰᠠᠯᠠᠬᠤ ᠨᠢᠭᠡᠴᠡ ᠶᠢᠨ ᠳᠣᠲᠣᠷᠠᠬᠢ ᠭᠤᠣᠯ ᠤᠷᠤᠰᠬᠠᠯ᠂ ᠣᠢ ᠰᠢᠭᠤᠢ᠂ ᠠᠭᠤᠯᠠ ᠳᠠᠪᠠᠭ᠎ᠠ᠂ ᠨᠤᠲᠤᠭ | ᠪᠡᠯᠴᠢᠭᠡᠷ᠂ ᠠᠲᠠᠷ ᠭᠠᠵᠠᠷ᠂ ᠭᠤᠣᠯ ᠤᠨ ᠰᠠᠶᠢᠷᠭᠠᠯ ᠵᠢᠴᠢ ᠢᠯᠡᠷᠡᠭᠦᠯᠦᠭᠰᠡᠨ ᠨᠦᠬᠡᠴᠡᠯᠡᠭᠰᠡᠨ ᠠᠭᠤᠷᠬᠠᠢ ᠶᠢᠨ ᠡᠬᠢ | ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠥᠮᠴᠢᠯᠡᠬᠦ ᠡᠷᠬᠡ ᠪᠣᠯᠤᠨ ᠪᠠᠶᠢᠭᠠᠯᠢ ᠶᠢᠨ ᠠᠮᠢ | ᠠᠬᠤᠢ ᠶᠢᠨ ᠣᠷᠣᠨ ᠵᠠᠢ ᠪᠠᠭᠲᠠᠨ᠎ᠠ᠃ | ᠲᠤᠰ ᠤᠳᠠᠭᠠᠨ ᠤ ᠳᠠᠩᠰᠠᠯᠠᠯᠲᠠ ᠶᠢᠨ ᠣᠷᠣᠨ ᠪᠦᠰᠡ ᠳᠤ 1 ᠠᠶᠢᠮᠠᠭ ᠬᠤᠲᠠ ᠶᠢᠨ ᠨᠡᠶᠢᠲᠡ 1 ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠬᠤᠯᠪᠣᠭᠳᠠᠨ᠎ᠠ᠂ ᠲᠤᠬᠠᠶᠢᠯᠠᠪᠠᠯ ᠬᠥᠬᠡᠬᠤᠲᠠ ᠶᠢᠨ ᠴᠢᠩ ᠱᠦᠢ ᠾᠧ | ᠰᠢᠶᠠᠨ ᠪᠣᠯᠤᠨ᠎ᠠ᠃ | ᠳᠥᠷᠪᠡ᠂ ᠪᠤᠰᠤᠳ ᠵᠦᠢᠯ | ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠲᠥᠯᠥᠭᠡᠯᠡᠭᠴᠢ ︵ᠣᠷᠣᠯᠠᠬᠤ︶ ᠶᠢᠨ | ᠭᠦᠢᠴᠡᠳᠭᠡᠬᠦ ᠭᠤᠣᠯ ᠴᠣᠭᠴᠠ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠦᠨ᠂ ᠤᠯᠤᠰ ᠤᠨ | ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠦᠨ ᠵᠡᠷᠭᠡ ᠬᠠᠮᠢᠶ᠎ᠠ ᠪᠦᠬᠦᠢ ᠭᠤᠣᠯ ᠴᠣᠭᠴᠠ ᠡᠷᠬᠡ ᠶᠢ | ᠨᠤᠲᠠᠯᠠᠨ ᠳᠠᠩᠰᠠᠯᠠᠬᠤ ᠬᠠᠮᠢᠶ᠎ᠠ ᠪᠦᠬᠦᠢ ᠠᠵᠢᠯ ᠢ ᠢᠳᠡᠪᠬᠢᠲᠡᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | 2025 ᠣᠨ ᠤ 6 ᠳ᠋ᠤᠭᠠᠷ ᠰᠠᠷ᠎ᠠ ᠶᠢᠨ 9 ᠤ ᠡᠳᠦᠷ | |