ᠴᠢᠩ ᠱᠦᠢ ᠾᠧ ᠰᠢᠶᠠᠨ᠄ ᠬᠤᠪᠢᠰᠬᠠᠯ ᠤᠨ ᠰᠣᠩᠭᠤᠳᠠᠭ ᠪᠦᠲᠦᠭᠡᠯ ᠬᠡᠦᠬᠡᠳ ᠤᠨ ᠰᠡᠳᠬᠢᠯ ᠢ ᠰᠢᠮᠡᠵᠢᠭᠦᠯᠦᠨ ᠬᠠᠶᠢᠷ᠎ᠠ ᠬᠠᠯᠠᠮᠵᠢ ᠶᠢᠨ ᠬᠠᠨᠳᠢᠪᠯᠠᠯ ᠦᠰᠦᠨ ᠪᠣᠶᠢᠵᠢᠯᠲᠠ ᠶᠢ ᠳᠡᠮᠵᠢᠨ᠎ᠡ
ᠨᠡᠶᠢᠲᠡᠯᠡᠭᠰᠡᠨ ᠴᠠᠭ᠄
2025/6/18
  ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠵᠠᠯᠠᠭᠤᠴᠤᠳ ᠪᠠᠭᠠᠴᠤᠳ ᠤᠨ ᠡᠬᠡ ᠣᠷᠣᠨᠴᠢ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 16 ᠤ ᠡᠳᠦᠷ᠂ ᠬᠥᠬᠡᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠴᠢᠩ ᠱᠦᠢ ᠾᠧ ᠰᠢᠶᠠᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠵᠦᠩ ᠺᠧ ᠬᠤᠸᠠ ᠱᠢ ᠵᠠᠭᠤᠴᠢᠯᠠᠭᠤᠷ ᠤᠨ ᠺᠣᠮᠫᠠᠨᠢ ᠬᠠᠮᠲᠤᠷᠠᠨ ᠡᠭᠦᠰᠭᠡᠭᠰᠡᠨ ᠬᠤᠪᠢᠰᠬᠠᠯ ᠤᠨ ᠰᠣᠩᠭᠤᠳᠠᠭ ᠨᠣᠮ ᠪᠢᠴᠢᠭ ᠢ ᠬᠠᠨᠳᠢᠪᠯᠠᠬᠤ ᠶᠣᠰᠣᠯᠠᠯ ᠴᠢᠩ ᠱᠦᠢ ᠾᠧ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃
清水河县:红色经典润童心 爱心捐赠助成长11.jpg
  ᠬᠤᠪᠢᠰᠬᠠᠯ ᠤᠨ ᠰᠣᠩᠭᠤᠳᠠᠭ ᠨᠣᠮ ᠪᠢᠴᠢᠭ ᠨᠢ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠣᠶᠤᠨ ᠰᠠᠨᠠᠭᠠᠨ ᠤ ᠥᠪ ᠬᠥᠷᠥᠩᠭᠡ ᠶᠢ ᠠᠴᠢᠶᠠᠯᠠᠵᠤ ᠪᠤᠢ᠂ ᠲᠤᠰ ᠤᠳᠠᠭ᠎ᠠ ᠬᠠᠨᠳᠢᠪᠯᠠᠭᠰᠠᠨ ᠬᠡᠳᠦᠨ ᠵᠠᠭᠤᠨ ᠳᠡᠪᠲᠡᠷ ᠬᠤᠪᠢᠰᠬᠠᠯ ᠤᠨ ᠤᠩᠰᠢᠬᠤ ᠨᠣᠮ ᠨᠢ ᠬᠡᠦᠬᠡᠳ ᠤᠳ ᠲᠤ ᠤᠩᠰᠢᠯᠭ᠎ᠠ ᠶᠢᠨ ᠶᠠᠪᠤᠴᠠ ᠳᠤ ᠢᠲᠡᠭᠡᠯ ᠪᠢᠰᠢᠷᠡᠯ ᠤᠨ ᠬᠦᠴᠦᠨ ᠢ ᠣᠶᠢᠯᠠᠭᠠᠭᠤᠯᠵᠤ᠂ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠭᠤᠯᠬᠤ ᠶᠢ ᠵᠣᠷᠢᠵᠠᠢ᠃ ᠡᠭᠦᠨ ᠤ ᠬᠠᠮᠲᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠠᠰᠠ ᠬᠤᠶᠠᠷ ᠰᠤᠷᠭᠠᠭᠤᠯᠢ ᠳᠤ ᠪᠢᠴᠢᠭ ᠤᠨ ᠳᠥᠷᠪᠡᠨ ᠡᠷᠳᠡᠨᠢ ᠂ ᠬᠥᠯ ᠪᠥᠮᠪᠦᠭᠡ᠂ ᠰᠠᠭᠰᠤᠨ ᠪᠥᠮᠪᠦᠭᠡ ᠵᠡᠷᠭᠡ ᠰᠣᠶᠣᠯ ᠲᠠᠮᠢᠷ ᠤᠨ ᠬᠡᠷᠡᠭᠰᠡᠯ ᠢ ᠬᠠᠨᠳᠢᠪᠯᠠᠵᠤ᠂ ᠰᠤᠷᠤᠭᠴᠢᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠳᠤ ᠬᠦᠴᠦᠨ ᠨᠡᠮᠡᠷᠢᠯᠡᠪᠡ᠃
清水河县:红色经典润童心 爱心捐赠助成长21.jpg
    ᠰᠢᠶᠠᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠡᠳᠡᠭᠡᠷ ᠬᠤᠪᠢᠰᠬᠠᠯ ᠤᠨ ᠨᠣᠮ ᠪᠢᠴᠢᠭ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠪᠢᠰᠬᠠᠯ ᠤᠨ ᠬᠥᠮᠦᠵᠢᠯ ᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠠᠭᠤᠰᠬᠠᠵᠤ᠂ ᠬᠤᠪᠢᠰᠬᠠᠯ ᠤᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠦᠨ᠎ᠡ ᠭᠡᠵᠦ ᠢᠯᠡᠳᠬᠡᠪᠡ᠃ ᠰᠤᠷᠤᠭᠴᠢᠳ ᠤᠨ ᠲᠥᠯᠥᠭᠡᠯᠡᠭᠴᠢ ᠪᠠᠰᠠ ᠬᠠᠨᠳᠢᠪᠯᠠᠨ ᠬᠦᠷᠭᠡᠭᠰᠡᠨ ᠲᠠᠯ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠬᠤᠪᠢᠰᠬᠠᠯᠲᠤ ᠨᠣᠮ ᠪᠢᠴᠢᠭ ᠠᠴᠠ ᠬᠦᠴᠦᠨ ᠴᠢᠳᠠᠯ ᠣᠯᠵᠤ᠂ ᠴᠢᠷᠮᠠᠶᠢᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃
清水河县:红色经典润童心 爱心捐赠助成长31.jpg
  ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ᠂ ᠬᠠᠨᠳᠢᠪᠯᠠᠭᠴᠢᠳ ᠠᠴᠠ ᠰᠤᠷᠭᠠᠭᠤᠯᠢ ᠶᠢᠨ ᠲᠥᠯᠥᠭᠡᠯᠡᠭᠴᠢ ᠳᠤ ᠬᠠᠨᠳᠢᠪᠯᠠᠨ ᠬᠦᠷᠭᠡᠭᠰᠡᠨ ᠫᠠᠶᠢᠰᠠ ᠶᠢ ᠭᠠᠷᠳᠠᠭᠤᠯᠵᠤ᠂ ᠬᠠᠨᠳᠢᠪᠯᠠᠭᠰᠠᠨ ᠪᠣᠳᠠᠰ ᠢᠶᠠᠨ ᠰᠠᠶᠢᠬᠠᠨ ᠭᠠᠷᠳᠠᠭᠤᠯᠪᠠ᠃ ᠲᠤᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠨᠢ ᠬᠤᠪᠢᠰᠬᠠᠯ ᠤᠨ ᠰᠣᠩᠭᠤᠳᠠᠭ ᠪᠦᠲᠦᠭᠡᠯ ᠢᠶᠠᠷ ᠣᠶᠤᠨ ᠰᠠᠨᠠᠭ᠎ᠠ ᠪᠠᠨ ᠰᠢᠮᠡᠵᠢᠭᠦᠯᠵᠦ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠᠷ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠂ ᠬᠠᠶᠢᠷ᠎ᠠ ᠬᠠᠯᠠᠮᠵᠢ ᠶᠢᠨ ᠵᠣᠬᠢᠶᠠᠨ ᠪᠠᠶᠢᠭᠤᠯᠤᠯᠲᠠ ᠵᠢᠴᠢ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠭᠦᠨᠵᠡᠭᠡᠢ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠴᠢᠩ ᠱᠦᠢ ᠾᠧ ᠰᠢᠶᠠᠨ ᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ 
 
ᠢᠷᠡᠯᠲᠡ᠄ ᠴᠢᠩ ᠱᠦᠶ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1