ᠴᠢᠩ ᠱᠦᠢ ᠾᠧ ᠰᠢᠶᠠᠨ ︽2025 ᠣᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/19
     ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠪᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ ᠂ 6 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠢ ᠾᠧ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠬᠠᠮᠲᠤ ᠪᠠᠷ ᠴᠢᠩ ᠱᠦᠢ ᠾᠧ ᠰᠢᠶᠠᠨ ᠤ ︽2025 ᠣᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠶᠠᠨ ᠤ ᠬᠠᠷᠢᠶ᠎ᠠ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠨᠢᠭᠡᠴᠡ ᠨᠡᠶᠢᠲᠡ 50 ᠭᠠᠷᠤᠢ ᠬᠥᠮᠦᠨ ᠠᠵᠢᠯᠯᠠᠭ᠎ᠠ ᠳᠤ ᠣᠷᠣᠯᠴᠠᠵᠠᠢ᠃
2025年防范非法金融活动宣传月11.jpg
     ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠨᠢ ᠬᠥᠮᠦᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠴᠢᠩ ᠱᠦᠢ ᠾᠧ ᠰᠢᠶᠠᠨ ᠤ ᠮᠦᠽᠧᠢ ᠶᠢᠨ ᠠᠭᠤᠳᠠᠮ ᠲᠠᠯᠠᠪᠠᠢ ᠳᠤ ᠶᠠᠪᠤᠭᠳᠠᠵᠤ᠂ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠬᠦ ᠲᠠᠪᠴᠠᠩ ᠭᠠᠷᠭᠠᠬᠤ᠂ ︽ᠵᠣᠭᠤᠰᠣᠨ ᠤᠭᠤᠲᠠ ᠪᠠᠨ‌‍ᠰᠠᠬᠢᠵᠤ᠂ ᠵᠣᠯ ᠵᠢᠷᠭᠠᠯᠲᠤ ᠭᠡᠷ ᠢᠶᠠᠨ ᠰᠠᠶᠢᠲᠤᠷ ᠬᠠᠮᠠᠭᠠᠯᠠᠶ᠎ᠠ︾ ᠭᠡᠬᠦ ᠭᠤᠣᠯ ᠰᠡᠳᠦᠪᠲᠦ ᠬᠥᠨᠳᠡᠯᠡᠨ ᠪᠢᠴᠢᠭᠡᠰᠦ ᠡᠯᠭᠦᠬᠦ᠂ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠥᠷᠨᠢᠭᠦᠯᠪᠡ᠃ ᠠᠮᠠᠷᠬᠠᠨ ᠮᠡᠬᠡᠯᠡᠭᠳᠡᠬᠦ ᠨᠠᠰᠤᠲᠠᠶᠢᠴᠤᠳ ᠲᠤ ᠴᠢᠭᠯᠡᠭᠦᠯᠦᠨ᠂ ᠤᠬᠠᠭᠤᠯᠬᠤ ᠠᠵᠢᠯᠲᠠᠳ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠤᠣᠷ ᠬᠥᠨᠥᠭᠡᠯ ᠢ ᠬᠦᠯᠢᠴᠡᠩᠭᠦᠢ ᠪᠠᠷ ᠲᠣᠳᠣᠷᠬᠠᠶᠢᠯᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠪᠠᠶᠢᠩᠭᠤ ᠲᠣᠬᠢᠶᠠᠯᠳᠤᠬᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠢᠯᠭᠠᠨ ᠲᠠᠨᠢᠬᠤ ᠠᠷᠭ᠎ᠠ ᠪᠠ ᠠᠷᠭᠠᠴᠠᠭᠠᠬᠤ ᠠᠷᠭ᠎ᠠ ᠪᠣᠳᠣᠯᠭ᠎ᠠ ᠶᠢ ᠲᠠᠶᠢᠯᠪᠤᠷᠢᠯᠠᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠬᠠᠭᠤᠯᠭ᠎ᠠ ᠬᠥᠮᠦᠵᠢᠯ ᠬᠢᠪᠡ ᠃ ᠡᠭᠦᠨ ᠤ ᠬᠠᠮᠲᠤ᠂ ᠣᠯᠠᠨ ᠲᠦᠮᠡᠨ ᠤ ᠠᠩᠬᠠᠷᠴᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠ ᠪᠠᠷᠠᠭ᠎ᠠ ᠬᠤᠳᠠᠯᠳᠤᠨ ᠠᠪᠴᠤ ᠳᠠᠬᠢᠨ ᠠᠰᠢᠭ ᠣᠯᠬᠤ᠂ ᠥᠨᠳᠥᠷ ᠬᠦᠦ ᠲᠠᠢ ᠡᠳ᠋ ᠤᠨ ᠶᠠᠪᠤᠳᠠᠯ ᠢ ᠬᠠᠮᠢᠶᠠᠷᠬᠤ ᠤᠨᠠᠭᠤᠯᠢ ᠵᠡᠷᠭᠡ ᠠᠰᠠᠭᠤᠳᠠᠯ ᠳᠤ ᠴᠢᠭᠯᠡᠭᠦᠯᠦᠨ᠂ ᠨᠠᠷᠢᠨ ᠨᠢᠮᠪᠠᠢ ᠬᠠᠷᠢᠭᠤᠯᠲᠠ ᠥᠭᠪᠡ᠃
2025年防范非法金融活动宣传月21.jpg
     ᠲᠤᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠨᠡᠶᠢᠲᠡ 200 ᠤᠬᠠᠭᠤᠯᠭ᠎ᠠ ᠶᠢᠨ ᠬᠤᠷᠮᠦ᠋ᠢᠪᠴᠢ ᠬᠡᠪᠯᠡᠨ ᠲᠠᠷᠬᠠᠭᠠᠵᠤ᠂ 300 ᠬᠤᠪᠢ ᠤᠬᠠᠭᠤᠯᠭ᠎ᠠ ᠶᠢᠨ ᠤᠭᠤᠲᠠ᠂ 1000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠬᠡᠪᠯᠡᠨ ᠲᠠᠷᠬᠠᠭᠠᠵᠤ᠂ ᠲᠤᠬᠠᠢ ᠶᠢᠨ ᠲᠠᠯᠠᠪᠠᠢ ᠳᠤ ᠣᠷᠣᠯᠴᠠᠭᠰᠠᠨ ᠣᠯᠠᠨ ᠲᠦᠮᠡᠨ ᠮᠢᠩᠭ᠎ᠠ ᠭᠠᠷᠤᠢ ᠬᠥᠮᠦᠨ ᠤᠳᠠᠭ᠎ᠠ ᠳᠤ ᠬᠦᠷᠴᠡᠢ᠃ ᠠᠵᠢᠯᠯᠠᠭ᠎ᠠ ᠨᠢ ᠢᠳᠡᠪᠬᠢᠲᠡᠢ ᠦᠷ᠎ᠡ ᠪᠦᠲᠦᠮᠵᠢ ᠣᠯᠵᠤ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ᠪᠦᠬᠦ ᠠᠷᠠᠳ ᠤᠨ ᠬᠠᠣᠯᠢ ᠪᠤᠰᠤ ᠵᠦᠢᠯ ᠢ ᠰᠡᠷᠭᠡᠶᠢᠯᠡᠬᠦ᠂ ᠰᠠᠨᠠᠭᠠᠴᠢᠯᠠᠭ᠎ᠠ ᠠᠴᠠ ᠪᠠᠨ ᠲᠡᠪᠴᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠢᠨ ᠬᠠᠤᠯᠢ ᠪᠤᠰᠤ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠮᠡᠳᠡᠯᠭᠡ ᠶᠢ ᠤᠯᠠᠮ ᠴᠢᠨᠠᠭᠰᠢᠳᠠ ᠤᠬᠠᠭᠤᠯᠤᠨ᠂ ᠣᠯᠠᠨ ᠲᠦᠮᠡᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠪᠣᠯᠣᠨ᠎ᠠ᠃
2025年防范非法金融活动宣传月31.jpg
2025年防范非法金融活动宣传月4.png
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1