ᠡᠨᠡ ᠵᠢᠯ ᠤᠨ 6 ᠳ᠋ᠤᠭᠠᠷ ᠰᠠᠷ᠎ᠠ ᠪᠣᠯ ᠪᠦᠬᠦ ᠤᠯᠤᠰ ᠤᠨ 24 ᠳ᠋ᠦ᠋ᠭᠡᠷ ︽ᠠᠶᠤᠯᠭᠦᠢ ᠦᠢᠯᠡᠳᠪᠦᠷᠢᠯᠡᠯ ᠤᠨ | ᠰᠠᠷ᠎ᠠ︾ ᠪᠣᠯᠤᠨ᠎ᠠ᠂ 6 ᠳ᠋ᠤᠭᠠᠷ ᠰᠠᠷ᠎ᠠ ᠶᠢᠨ 16 ᠤ ᠡᠳᠦᠷ ᠪᠣᠯ ᠪᠦᠬᠦ ᠤᠯᠤᠰ ᠤᠨ ︽ᠠᠮᠤᠷ ᠲᠦᠪᠰᠢᠨ ᠤ | ᠤᠬᠠᠭᠤᠯᠭ᠎ᠠ ᠯᠠᠪᠯᠠᠭ᠎ᠠ ᠶᠢᠨ ᠡᠳᠦᠷ︾ ᠪᠣᠯᠤᠨ᠎ᠠ᠃ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠬᠤ ᠶᠢᠨ | ᠲᠥᠯᠥᠭᠡ᠂ 6 ᠳ᠋ᠤᠭᠠᠷ ᠰᠠᠷ᠎ᠠ ᠶᠢᠨ 16 ᠤ ᠡᠳᠦᠷ᠂ ᠴᠢᠩ ᠱᠦᠢ ᠾᠧ ᠰᠢᠶᠠᠨ ᠮᠦᠽᠧᠢ ᠶᠢᠨ ᠠᠭᠤᠳᠠᠮ | ᠲᠠᠯᠠᠪᠠᠢ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠭᠠᠵᠤ ᠳᠡᠶᠢᠯᠬᠦ— ᠳᠡᠷᠭᠡᠳᠡᠬᠢ ᠭᠠᠮᠰᠢᠭ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ︾ ᠪᠠᠷ ᠭᠤᠣᠯ | ᠰᠡᠳᠦᠪ ᠪᠣᠯᠭᠠᠭᠰᠠᠨ ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ ᠤᠨ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠪᠡ᠃ | | | | ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠦᠵᠡᠭᠦᠯᠭᠡ ᠶᠢᠨ ᠲᠠᠪᠴᠠᠩ | ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ | ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢ ᠨᠢ ᠪᠠᠲᠤ ᠪᠣᠢ ᠪᠣᠯᠭᠠᠵᠤ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠪᠠ᠃ | | | | ᠲᠤᠰ ᠤᠳᠠᠭᠠᠨ ᠤ ᠠᠵᠢᠯᠯᠠᠭ᠎ᠠ ᠨᠢ ᠠᠷᠠᠳ ᠣᠯᠠᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ | ᠵᠠᠶᠢᠯᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢ ᠠᠮᠢᠳᠤᠷᠠᠯ ᠳᠤ ᠨᠠᠩ ᠣᠶᠢᠷᠠᠲᠤᠭᠤᠯᠵᠤ᠂ ᠣᠯᠠᠨ | ᠲᠦᠮᠡᠨ ᠲᠠᠢ ᠨᠠᠩ ᠣᠶᠢᠷᠠᠲᠤᠭᠤᠯᠵᠤ᠂ ᠨᠡᠶᠢᠭᠡᠮ ᠳᠠᠶᠠᠭᠠᠷ ᠤᠨ ᠠᠮᠤᠷ ᠲᠦᠪᠰᠢᠨ ᠢ ᠠᠩᠬᠠᠷᠴᠤ᠂ ᠠᠮᠤᠷ | ᠲᠦᠪᠰᠢᠨ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠳᠠᠷᠠᠭᠠᠴᠢ ᠶᠢᠨ | ᠠᠯᠬᠤᠮ ᠳᠤ᠂ ᠴᠢᠩ ᠱᠦᠢ ᠾᠧ ᠰᠢᠶᠠᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠡᠯ᠎ᠡ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ | ᠠᠬᠢᠭᠤᠯᠵᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠬᠦ ᠶᠢ ᠴᠢᠩᠭᠠᠳᠬᠠᠵᠤ᠂ ᠪᠥᠬᠦ ᠰᠢᠶᠠᠨ ᠤ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | |