6 ᠳ᠋ᠤᠭᠠᠷ ᠰᠠᠷ᠎ᠠ ᠶᠢᠨ 18 ᠤ ᠡᠳᠦᠷ᠂ ᠴᠢᠩ ᠱᠦᠢ ᠾᠧ ᠰᠢᠶᠠᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠣᠨᠴᠠ ᠲᠣᠮᠢᠯᠠᠭᠳᠠᠭᠰᠠᠳ ᠤᠨ ᠠᠵᠢᠯ ᠤᠨ ᠠᠭᠤᠯᠵᠠᠯᠲᠠ ᠶᠢᠨ ᠬᠤᠷᠠᠯ ᠬᠢᠵᠦ᠂ ᠦᠨᠳᠦᠰᠦᠨ ᠱᠠᠲᠤᠨ ᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠨ | ᠱᠠᠲᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠠᠵᠢᠯᠯᠠᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠᠷ ᠵᠣᠷᠢᠯᠭ᠎ᠠ ᠪᠣᠯᠭᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠣᠨᠴᠠ ᠲᠣᠮᠢᠯᠠᠭᠳᠠᠭᠰᠠᠳ ᠲᠤ ᠨᠢᠭᠡ ᠲᠤᠰᠬᠠᠢ ᠠᠵᠢᠯᠯᠠᠬᠤ ᠭᠠᠵᠠᠷ ᠲᠣᠬᠢᠷᠠᠭᠤᠯᠵᠤ᠂ | ᠨᠢᠭᠡ ᠲᠣᠭᠲᠠᠮᠠᠯ ᠠᠵᠢᠯ ᠤᠨ ᠬᠠᠷᠢᠯᠴᠠᠬᠤ ᠬᠥᠮᠦᠨ ᠲᠣᠭᠲᠠᠭᠠᠵᠤ᠂ ᠣᠨᠴᠠ ᠲᠣᠮᠢᠯᠠᠭᠰᠠᠳ ᠤᠨ ᠠᠵᠢᠯᠯᠠᠬᠤ | ᠭᠠᠵᠠᠷ ᠲᠠᠢ᠂ ᠨᠡᠪᠲᠡᠷᠡᠯᠴᠡᠬᠦ ᠠᠷᠭ᠎ᠠ ᠵᠠᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠣᠨᠴᠠ | ᠲᠣᠮᠢᠯᠠᠭᠳᠠᠭᠰᠠᠳ ᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠰᠠᠷ᠎ᠠ ᠪᠦᠷᠢ ᠰᠢᠶᠠᠩ ᠪᠠᠯᠭᠠᠰᠤᠨ ᠳᠤ ᠠᠵᠢᠯᠯᠠᠬᠤ ᠴᠠᠭ ᠢ ᠬᠤᠶᠠᠷ ᠡᠳᠦᠷ ᠠᠴᠠ ᠢᠯᠡᠭᠦᠦ ᠪᠠᠶᠢᠯᠭᠠᠵᠤ᠂ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠤ ᠠᠵᠢᠯ ᠢ ᠵᠢᠯᠣᠭᠤᠳᠬᠤ ᠬᠡᠷᠡᠭᠲᠡᠢ︔ ᠡᠭᠦᠨ ᠤ ᠬᠠᠮᠲᠤ᠂ ᠰᠢᠶᠠᠩ ᠪᠠᠯᠭᠠᠰᠤ ᠪᠣᠯᠤᠨ ᠣᠨᠴᠠ | ᠲᠣᠮᠢᠯᠠᠭᠳᠠᠭᠰᠠᠳ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠢᠳᠡᠪᠬᠢᠲᠡᠢ ᠵᠣᠯᠭᠠᠭᠤᠯᠵᠤ᠂ ︽ᠬᠤᠣᠰ ᠴᠢᠭᠯᠡᠯ ᠢᠶᠠᠷ | ᠴᠢᠷᠮᠠᠶᠢᠬᠤ︾ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠰ ᠲᠤ ᠬᠠᠮᠲᠤᠪᠠᠷ ᠬᠦᠴᠦᠯᠡᠬᠦ ᠬᠡᠷᠡᠭᠲᠡᠢ ᠭᠡᠪᠡ᠃ | ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠢᠨ ᠲᠤᠰ ᠤᠳᠠᠭ᠎ᠠ ᠶᠢᠨ ᠠᠭᠤᠯᠵᠠᠯᠲᠠ ᠶᠢᠨ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠪᠠᠶᠢᠩᠭᠤᠵᠢᠭᠰᠠᠨ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ | ᠦᠨᠳᠦᠰᠦᠨ ᠱᠠᠲᠤᠨ ᠤ ᠭᠠᠯ ᠤᠨ ᠭᠠᠮᠰᠢᠭ ᠤᠨ ᠭᠡᠮ ᠰᠣᠭᠤᠭ ᠢ ᠠᠷᠢᠯᠭᠠᠬᠤ ᠴᠢᠳᠠᠪᠤᠷᠢ᠂ ᠠᠩᠬ᠎ᠠ ᠵᠡᠷᠭᠡ ᠶᠢᠨ | ᠭᠠᠯ ᠤᠨ ᠭᠠᠮᠰᠢᠭ ᠠᠴᠠ ᠠᠪᠤᠷᠠᠬᠤ ᠴᠢᠳᠠᠪᠤᠷᠢ᠂ ᠠᠮᠢ ᠵᠢᠭᠤᠲᠠᠬᠤ ᠶᠢ ᠵᠣᠬᠢᠶᠠᠨ ᠪᠠᠶᠢᠭᠤᠯᠬᠤ ᠴᠢᠳᠠᠪᠤᠷᠢ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠥᠬᠦ ᠰᠢᠶᠠᠨ ᠤ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠲᠦᠪᠰᠢᠨ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠎ᠠ᠃ | |