ᠡᠮᠡᠭᠲᠡᠶᠢᠴᠦᠳ ᠢᠯᠡᠭᠦᠬᠡᠨ ᠮᠢᠬ᠎ᠠ ᠢᠳᠡᠭᠡᠷᠡᠢ
ᠨᠡᠶᠢᠲᠡᠯᠡᠭᠰᠡᠨ ᠴᠠᠭ᠄
2025/6/20
     ᠡᠷᠡᠭᠦᠯ ᠮᠡᠨᠳᠦ ᠶᠢᠨ ᠡᠭᠦᠳᠡᠨ ᠠᠴᠠ ᠪᠣᠳᠣᠯᠬᠢᠯᠠᠨ ᠡᠮᠡᠭᠲᠡᠢ ᠨᠠᠶᠢᠵᠠ ᠨᠠᠷ ᠲᠤ ᠢᠯᠡᠭᠦᠬᠡᠨ ᠮᠢᠬ᠎ᠠ ᠢᠳᠡ ᠭᠡᠵᠦ ᠰᠠᠨᠠᠭᠤᠯᠤᠶ᠎ᠠ᠃      ᠡᠮᠡᠭᠲᠡᠶᠢᠴᠦᠳ ᠮᠢᠬ᠎ᠠ ᠠᠷᠪᠢᠨ ᠢᠳᠡᠪᠡᠯ ᠡᠳᠡᠭᠡᠷ ᠰᠠᠶᠢᠨ ᠲᠠᠯ᠎ᠠ ᠲᠠᠢ᠃      1. ᠡᠮᠡᠭᠲᠡᠶᠢᠴᠦᠳ ᠨᠢ ᠡᠷᠡᠭᠲᠡᠶᠢᠴᠦᠳ ᠠᠴᠠ ᠢᠯᠡᠭᠦᠦ ᠲᠡᠮᠦᠷ ᠱᠠᠭᠠᠷᠳᠠᠳᠠᠭ᠃ ᠮᠢᠬᠠᠨ ᠤ ᠵᠦᠢᠯ ᠪᠣᠯ ᠴᠢᠰᠤᠨ ᠤᠯᠠᠭᠠᠨ ᠡᠳ᠋ ᠠᠭᠤᠯᠤᠭᠰᠠᠨ ᠲᠡᠮᠦᠷ ᠨᠡᠯᠢᠶᠡᠳ ᠡᠯᠪᠡᠭ ᠢᠳᠡᠭᠡᠨ ᠮᠥᠨ᠃     2. ᠮᠢᠬ᠎ᠠ ᠢᠳᠡᠬᠦ ᠦᠭᠡᠢ ᠪᠣᠯ ᠸᠢᠲ᠋ᠠᠮᠢᠨ B12 ᠳᠤᠲᠠᠬᠤ ᠪᠣᠯᠣᠨ᠎ᠠ᠃ ᠸᠢᠲ᠋ᠠᠮᠢᠨ B12 ᠳᠤᠲᠠᠪᠠᠯ ᠬᠥᠮᠥᠨ ᠤ ᠮᠡᠳᠡᠷᠡᠯ ᠤᠨ ᠰᠢᠰᠲ᠋ᠧᠮ ᠳᠤ ᠠᠰᠠᠭᠤᠳᠠᠯ ᠭᠠᠷᠴᠤ ᠮᠡᠳᠡᠨ᠎ᠡ᠃     3. ᠪᠤᠯᠴᠢᠩ ᠤᠨ ᠴᠢᠳᠠᠪᠤᠷᠢ ᠠᠯᠳᠠᠭᠳᠠᠬᠤ ᠶᠢ ᠰᠡᠷᠭᠡᠶᠢᠯᠡᠨ᠎ᠡ᠃ ᠬᠡᠷᠪᠡ ᠮᠢᠬ᠎ᠠ ᠢᠳᠡᠬᠦ ᠦᠭᠡᠢ ᠪᠤᠶᠤ ᠮᠢᠬ᠎ᠠ ᠶᠢᠨ ᠵᠦᠢᠯ ᠢ ᠭᠦᠢᠴᠡᠳ ᠢᠳᠡᠬᠦ ᠦᠭᠡᠢ ᠪᠣᠯ ᠤᠭᠤᠷᠠᠭ ᠤᠨ ᠰᠢᠩᠭᠡᠭᠡᠯᠲᠡ ᠶᠢ ᠰᠢᠭᠤᠳ ᠨᠥᠯᠥᠭᠡᠯᠡᠬᠦ ᠶᠢᠨ ᠤᠯᠠᠮ ᠢᠶᠠᠷ ᠪᠤᠯᠴᠢᠩ ᠤᠨ ᠨᠡᠶᠢᠯᠡᠯᠭᠡ ᠶᠢ ᠨᠥᠯᠥᠭᠡᠯᠡᠨ᠎ᠡ᠃     4. ᠮᠢᠬ᠎ᠠ ᠢᠳᠡᠪᠡᠯ ᠶᠠᠰᠤ ᠪᠡᠷᠲᠡᠬᠦ ᠲᠦᠭᠰᠢᠭᠦᠷᠢ ᠶᠢ ᠪᠠᠭᠠᠰᠬᠠᠵᠤ ᠪᠣᠯᠣᠨ᠎ᠠ᠃ ᠮᠢᠬᠠᠨ ᠤ ᠳᠣᠲᠣᠷᠠᠬᠢ ᠤᠭᠤᠷᠠᠭ᠂ ᠮᠠᠭᠨᠢ᠂ ᠹᠣᠰᠹᠣᠷ ᠵᠡᠷᠭᠡ ᠰᠢᠮ᠎ᠡ ᠲᠡᠵᠢᠭᠡᠯ ᠨᠢ ᠠᠷᠤᠭ ᠶᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠠᠰᠢᠭᠲᠠᠢ᠃      ᠡᠷᠡᠭᠦᠯ ᠢᠶᠠᠷ ᠮᠢᠬ᠎ᠠ ᠢᠳᠡᠬᠦ ᠭᠤᠷᠪᠠᠨ ᠰᠠᠨᠠᠭᠤᠯᠭ᠎ᠠ᠄      1. ᠬᠡᠮᠵᠢᠶ᠎ᠡ ᠶᠢ ᠡᠵᠡᠮᠳᠡᠬᠦ ᠨᠢ ᠮᠠᠰᠢ ᠵᠠᠩᠭᠢᠯᠠᠭ᠎ᠠ ᠶᠤᠮ᠃ ᠨᠠᠰᠤᠨ ᠳᠤ ᠭᠦᠷᠦᠭᠰᠡᠳ ᠡᠳᠦᠷ ᠪᠦᠷᠢ 120 ~ 200g ᠠᠮᠢᠲᠠᠨ ᠤ ᠮᠢᠬ᠎ᠠ ᠠᠭᠤᠯᠤᠭᠰᠠᠨ ᠢᠳᠡᠭᠡᠨ ᠢᠳᠡᠬᠦ ᠴᠢᠬᠤᠯᠠᠲᠠᠢ᠂ ᠲᠤᠬᠠᠶᠢᠯᠠᠪᠠᠯ ᠵᠢᠭᠠᠰᠤᠨ ᠤ ᠲᠥᠷᠥᠯ ᠢ ᠳᠤᠮᠳᠠᠴᠢ ᠪᠠᠷ 40 ~75g᠂ ᠮᠠᠯ ᠵᠢᠭᠦᠷᠲᠡᠨ ᠤ ᠮᠢᠬᠠᠨ ᠤ ᠲᠥᠷᠥᠯ ᠢ 40 ~ 75g᠂ ᠥᠨᠳᠡᠭᠡᠨ ᠤ ᠲᠥᠷᠥᠯ ᠢ 40 ~50g ᠢᠳᠡᠵᠦ᠂ ᠬᠠᠷᠢᠯᠴᠠᠨ ᠰᠣᠯᠢᠵᠤ ᠢᠳᠡᠵᠦ ᠪᠣᠯᠣᠨ᠎ᠠ᠃ ᠢᠯᠠᠩᠭᠤᠶ᠎ᠠ ᠤᠯᠠᠭᠠᠨ ᠢᠳᠡᠭᠡᠨ ᠢᠳᠡᠬᠦ ᠬᠡᠮᠵᠢᠶ᠎ᠡ ᠶᠢ ᠰᠠᠶᠢᠲᠤᠷ ᠬᠢᠵᠠᠭᠠᠷᠯᠠᠬᠤ ᠬᠡᠷᠡᠭᠲᠡᠢ᠂ ᠭᠠᠭ᠋ᠠᠢ ᠦᠬᠡᠷ ᠬᠤᠨᠢ ᠵᠡᠷᠭᠡ ᠮᠠᠯ ᠤᠨ ᠮᠢᠬ᠎ᠠ ᠪᠣᠯ ᠤᠯᠠᠭᠠᠨ ᠢᠳᠡᠭᠡᠨ ᠳᠤ ᠲᠣᠭᠠᠴᠠᠭᠳᠠᠨ᠎ᠠ᠃ ᠤᠷᠢᠳ ᠢᠶᠠᠷ ᠬᠠᠷ᠎ᠠ ᠮᠢᠬ᠎ᠠ ᠢᠳᠡᠵᠦ᠂ ᠲᠠᠷᠠᠭ᠎ᠠ ᠨᠢ ᠵᠢᠭᠦᠷᠲᠡᠨ ᠤ ᠮᠢᠬ᠎ᠠ ᠪᠠ ᠵᠢᠭᠠᠰᠤ ᠰᠠᠮ ᠬᠢᠰᠤᠭ᠎ᠠ ᠶᠢᠨ ᠲᠥᠷᠥᠯ ᠢ ᠰᠣᠩᠭᠤᠬᠤ ᠶᠢ ᠰᠠᠨᠠᠭᠤᠯᠤᠶ᠎ᠠ᠃     2. ᠬᠠᠭᠤᠷᠤᠯᠭ᠎ᠠ ᠬᠢᠬᠦ ᠠᠷᠭ᠎ᠠ ᠶᠢ ᠵᠥᠪ ᠰᠣᠩᠭᠤᠬᠤ ᠴᠢᠬᠤᠯᠠᠲᠠᠢ᠃ ᠮᠢᠬᠠᠨ ᠤ ᠬᠠᠭᠤᠷᠤᠯᠭ᠎ᠠ ᠬᠢᠬᠦ ᠳᠡᠭᠡᠨ ᠲᠣᠰᠣ ᠪᠠᠭ᠎ᠠ ᠬᠢᠵᠦ ᠬᠠᠭᠤᠷᠬᠤ ᠠᠷᠭ᠎ᠠ ᠶᠢ ᠬᠡᠷᠡᠭᠯᠡᠭᠡᠷᠡᠢ᠃     3. ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠤᠲᠤᠮᠠᠯ ᠮᠢᠬ᠎ᠠ᠂ ᠪᠤᠷᠴᠠ᠂ ᠫᠧᠶᠢᠭᠸᠡ᠂ ᠬᠢᠮ᠎ᠠ ᠵᠡᠷᠭᠡ ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠦᠨᠡᠬᠡᠷ ᠮᠢᠬ᠎ᠠ ᠢᠳᠡᠬᠦ ᠳᠤᠷ᠎ᠠ ᠦᠭᠡᠢ ᠪᠣᠯ ᠶᠠᠭᠠᠬᠢᠬᠤ ᠪᠤᠢ︖ ᠤᠭᠤᠷᠠᠭ᠂ ᠸᠢᠲ᠋ᠠᠮᠢᠨ B12᠂ ᠲᠡᠮᠦᠷ ᠨᠥᠬᠦᠬᠦ ᠬᠡᠷᠡᠭᠲᠡᠢ᠃          ︵︽ᠠᠷᠠᠳ ᠤᠨ ᠰᠦᠯᠵᠢᠶ᠎ᠡ︾ ᠠᠴᠠ ᠨᠠᠶᠢᠷᠠᠭᠤᠯᠤᠨ ᠠᠪᠤᠪᠠ︶ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1