ᠶᠣᠣ ᠭᠸᠦ ᠰᠢᠶᠠᠩ ᠠᠷᠠᠳ ᠤᠨ ᠶᠠᠪᠤᠳᠠᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠴᠠᠷᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/6/3
     ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠵᠢᠨ‌‍ᠲ᠋ᠤᠰᠠᠳᠠ᠂ ᠶᠣᠣ ᠭᠸᠦ ᠰᠢᠶᠠᠩ 4 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ ᠠᠷᠠᠳ ᠤᠨ ᠶᠠᠪᠤᠳᠠᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠩ ᠤᠨ ᠠᠷᠠᠳ ᠤᠨ ᠶᠠᠪᠤᠳᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠩ ᠤᠨ ᠳᠡᠳ᠋ ᠳᠠᠷᠤᠭ᠎ᠠ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠠᠷᠠᠳ ᠤᠨ ᠶᠠᠪᠤᠳᠠᠯ ᠤᠨ ᠠᠵᠢᠯᠲᠠᠳ ᠬᠤᠷᠠᠯ ᠳᠤ ᠣᠷᠣᠯᠴᠠᠪᠠ᠃     ᠬᠤᠷᠠᠯ ᠠᠴᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠴᠠᠷᠠᠭᠠᠨ ᠳᠠᠬᠢ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ ᠬᠤᠳᠠᠯ ᠬᠠᠭᠤᠷᠮᠠᠭ ᠢᠶᠠᠷ ᠮᠡᠳᠡᠭᠦᠯᠵᠦ ᠮᠡᠬᠡᠯᠡᠨ ᠠᠪᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠲᠤᠬᠠᠶ ᠴᠢᠩ ᠱᠦᠶ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠥᠰᠦᠯ︾᠂ ︽ᠴᠢᠩ ᠱᠦᠶ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ 2025 ᠣᠨ ᠤ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠴᠠᠷᠠᠭᠠᠨ ᠳᠠᠬᠢ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠭᠡᠬᠦ ᠬᠤᠶᠠᠷ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠱᠠᠭᠠᠷᠳᠠᠭᠰᠠᠨ ᠨᠢ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠡᠳ᠋ᠯᠡᠬᠦ ᠭᠤᠶᠤᠴᠢᠯᠠᠯ ᠤᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠬᠥᠳᠡᠯᠦᠩᠭᠦᠢ ᠬᠠᠮᠢᠶᠠᠷᠤᠯᠲᠠ ᠶᠢᠨ ᠴᠠᠭ ᠲᠤᠬᠠᠢᠢᠴᠢ ᠴᠢᠨᠠᠷ᠂ ᠪᠡᠯᠡ ᠮᠥᠩᠭᠦ ᠲᠠᠷᠬᠠᠭᠠᠯᠲᠠ ᠶᠢᠨ ᠲᠣᠭᠲᠠᠭᠠᠯ ᠳᠤ ᠨᠡᠶᠢᠴᠡᠬᠦ ᠴᠢᠨᠠᠷ ᠵᠡᠷᠭᠡ ᠲᠠᠯ᠎ᠠ ᠪᠠᠷ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠡᠬᠡ ᠳᠠᠩᠰᠠ ᠶᠢ ᠪᠠᠶᠢᠭᠤᠯᠬᠤ ᠶᠢᠨ ᠬᠠᠮᠲᠤ ᠴᠠᠭ ᠬᠢᠵᠠᠭᠠᠷᠯᠠᠨ ᠳ᠋ᠤᠭᠠᠷ ᠢ ᠨᠢ ᠬᠠᠰᠤᠬᠤ ᠬᠡᠷᠡᠭᠲᠡᠢ︔ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠶᠢᠵᠢᠭᠤᠯᠤᠭᠰᠠᠨ ᠥᠬᠡᠶ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠵᠢᠷᠤᠮᠵᠢᠯ ᠪᠤᠰᠤ᠂ ᠠᠪᠤᠷᠠᠨ ᠲᠤᠰᠠᠯᠠᠬᠤ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠨᠠᠮᠳᠠᠭᠤᠯᠬᠤ ᠨᠢ ᠬᠦᠴᠦᠨ ᠥᠬᠡᠶ᠂ ᠠᠵᠢᠯ ᠤᠨ ᠰᠤᠷᠲᠠᠯ ᠨᠢ ᠴᠢᠩᠭ᠎ᠠ ᠪᠢᠰᠢ ᠵᠡᠷᠭᠡ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠬᠠᠷᠢᠴᠠᠭᠤᠯᠭ᠎ᠠ ᠨᠡᠬᠡᠮᠵᠢᠯᠡᠬᠦ ᠬᠡᠷᠡᠭᠲᠡᠢ︔ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠠᠪᠤᠷᠠᠨ ᠲᠤᠰᠠᠯᠠᠬᠤ ᠡᠲᠡᠭᠡᠳ ᠤᠨ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠷᠬᠢᠯᠡᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠶ ᠭᠡᠪᠡ᠃     ᠬᠤᠷᠠᠯ ᠠᠴᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠭᠤᠯᠭᠠᠭᠰᠠᠨ ︽2025 ᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠬᠥᠳᠡᠯᠮᠦᠷᠢ ᠬᠦᠴᠦᠨ ᠤ ᠢᠯᠡᠳᠬᠡᠮᠵᠢ ᠶᠢᠨ ᠬᠦᠰᠦᠨᠦᠭᠲᠦ︾ ᠲᠠᠢ ᠤᠶᠠᠯᠳᠤᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠲᠣᠭᠠᠴᠠᠭ᠎ᠠ ᠬᠢᠬᠦ᠂ ᠬᠥᠳᠡᠯᠦᠩᠭᠦᠶ ᠪᠠᠷ ᠳᠠᠬᠢᠨ ᠬᠢᠨᠠᠬᠤ ᠵᠡᠷᠭᠡ ᠴᠤᠪᠤᠷᠠᠯ ᠤᠨ ᠲᠤᠬᠠᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃ 
 
ᠢᠷᠡᠯᠲᠡ᠄ ᠴᠢᠩ ᠱᠦᠢ ᠡᠾᠸᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1