| | | ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ | ᠰᠢᠰᠲ᠋ᠧᠮ ᠲᠠᠢ ᠢᠳᠡᠪᠬᠢᠲᠡᠢ ᠠᠭᠤᠰᠤᠯᠴᠠᠵᠤ᠂ ᠠᠷᠠᠳ ᠤᠨ ᠰᠢᠭᠦᠬᠦ ᠬᠤᠷᠢᠶ᠎ᠠ ᠶᠢᠨ ᠡᠶᠡᠳᠡᠭᠦᠯᠭᠡ ᠶᠢ ᠵᠢᠯᠣᠭᠤᠳᠬᠤ | ᠬᠠᠤᠯᠢ ᠪᠠᠷ ᠲᠣᠭᠲᠠᠭᠠᠭᠰᠠᠨ ᠡᠭᠦᠷᠭᠡ ᠴᠢᠳᠠᠪᠬᠢ ᠶᠢ ᠦᠨᠡᠨ ᠬᠦ ᠭᠦᠢᠴᠡᠳᠬᠡᠬᠦ ᠶᠢᠨ ᠲᠥᠯᠥᠭᠡ᠂ ᠣᠶᠢᠷ᠎ᠠ ᠳᠤ᠂ | ᠴᠢᠩ ᠱᠦᠢ ᠡᡁᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠤᠨ | ᠬᠠᠷᠢᠭᠤᠴᠠᠯᠭᠠᠲᠠᠨ ᠪᠠᠢ ᠰᠢᠤᠸᠠᠢ ᠰᠦᠩ ᠨᠥᠬᠦᠷ ᠰᠢᠶᠠᠨ᠂ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ | ᠲᠥᠪ ᠤᠨ ᠪᠦᠬᠦ ᠠᠵᠢᠯᠳᠠᠨ᠂ ᠲᠤᠰᠬᠠᠢ ᠲᠤᠰᠢᠶᠠᠯᠲᠤ ᠲᠣᠣᠷᠵᠢᠯ ᠤᠨ ᠬᠠᠮᠢᠶᠠᠷᠤᠭᠴᠢ᠂ ᠡᠯ᠎ᠡ ᠲᠣᠰᠬᠤᠨ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ | 100 ᠭᠠᠷᠤᠢ ᠭᠤᠣᠯᠯᠠᠭᠴᠢ ᠬᠦᠴᠦᠨ ᠳᠤ ᠲᠤᠰᠬᠠᠢ ᠰᠡᠳᠦᠪ ᠢᠶᠠᠷ ᠬᠢᠴᠢᠶᠡᠯ ᠣᠷᠣᠭᠰᠠᠨ ᠪᠠᠶᠢᠨ᠎ᠠ᠃ | | | | | | ᠬᠢᠴᠢᠶᠡᠯᠯᠡᠬᠦ ᠶᠠᠪᠤᠴᠠ ᠳᠤ᠂ ᠪᠠᠢ ᠰᠢᠤᠸᠠᠢ ᠰᠦᠩ ᠰᠢᠭᠦᠭᠴᠢ ︽ᠦᠨᠳᠦᠰᠦᠨ ᠱᠠᠲᠤᠨ ᠤ ᠵᠠᠰᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠶᠡᠳᠡᠭᠦᠯᠭᠡ ᠶᠢᠨ ᠪᠣᠳᠠᠲᠤ ᠦᠷ᠎ᠡ ᠪᠦᠲᠦᠮᠵᠢ ᠶᠢ ᠣᠯᠬᠤ︾ ᠪᠠᠷ ᠭᠤᠣᠯ | ᠰᠡᠳᠦᠪ ᠪᠣᠯᠭᠠᠵᠤ᠂ ᠹᠧᠩᠴᠢᠶᠤᠤ ᠶᠢᠨ ᠲᠤᠷᠰᠢᠯᠭ᠎ᠠ ᠶᠢᠨ ᠲᠡᠦᠬᠡᠨ ᠤᠯᠠᠷᠢᠯ ᠬᠤᠪᠢᠰᠤᠯ᠂ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠬᠤᠢ ᠪᠠᠶᠢᠳᠠᠯ ᠪᠣᠯᠤᠨ ᠭᠤᠣᠯ ᠴᠢᠳᠠᠮᠵᠢ᠂ ᠠᠷᠠᠳ ᠤᠨ ᠰᠢᠭᠦᠬᠦ | ᠬᠤᠷᠢᠶ᠎ᠠ ᠶᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠳᠤᠮᠳᠠᠬᠢ ᠭᠤᠣᠯ | ᠡᠭᠦᠷᠭᠡ ᠴᠢᠳᠠᠪᠬᠢ᠂ ᠡᠶᠡᠳᠡᠭᠦᠯᠭᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ᠂ ᠡᠶᠡᠳᠡᠭᠦᠯᠬᠦ ᠠᠷᠭ᠎ᠠ | ᠪᠣᠯᠤᠨ ᠤᠷ᠎ᠠ ᠮᠡᠷᠭᠡᠵᠢᠯ ᠵᠡᠷᠭᠡ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠯᠲᠠ ᠪᠠ ᠪᠣᠳᠠᠲᠤ ᠶᠠᠪᠤᠳᠠᠯ ᠤᠨ | ᠲᠤᠷᠰᠢᠯᠭ᠎ᠠ ᠶᠢ ᠬᠤᠪᠢᠶᠠᠯᠴᠠᠪᠠ᠃ ᠬᠢᠴᠢᠶᠡᠯᠯᠡᠬᠦ ᠠᠭᠤᠯᠭ᠎ᠠ ᠨᠢ ᠤᠨᠤᠯ ᠤᠨ ᠳᠡᠭᠡᠳᠦ ᠬᠡᠮᠵᠢᠶᠡᠨ ᠳᠤ ᠰᠠᠭᠤᠷᠢᠯᠠᠨ | ᠲᠦᠷᠢᠮ ᠤᠨ ᠯᠣᠭᠢᠭ ᠢ ᠡᠮᠬᠢᠯᠡᠭᠰᠡᠨ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠵᠠᠰᠠᠯᠲᠠ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠤ᠂ ︽ᠤᠨᠤᠯ ᠤᠨ ᠪᠣᠷᠣ ᠲᠥᠯᠥᠪ — | ᠵᠢᠷᠤᠮᠵᠢᠯ ᠤᠨ ᠦᠨᠳᠦᠰᠦᠯᠡᠯ — ᠦᠢᠯᠡᠳᠦᠯᠭᠡ ᠶᠢᠨ ᠠᠷᠭ᠎ᠠ ᠵᠠᠮ︾ ᠤᠨ ᠪᠦᠷᠢᠨ ᠪᠦᠲᠦᠨ ᠮᠡᠳᠡᠯᠭᠡ ᠶᠢᠨ | ᠰᠢᠰᠲ᠋ᠧᠮ ᠢ ᠪᠦᠷᠢᠯᠳᠦᠭᠦᠯᠪᠡ᠃ | | | | | | ᠪᠣᠯᠪᠠᠰᠤᠷᠠᠯ ᠳᠤ ᠣᠷᠣᠯᠴᠠᠭᠰᠠᠳ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠶᠢᠨ ᠲᠠᠰ ᠳᠠᠪᠬᠤᠷᠭ᠎ᠠ ᠨᠢ | ᠲᠣᠳᠣᠷᠬᠠᠶ ᠪᠥᠭᠡᠳ ᠪᠤᠳᠠᠳᠤ ᠶᠠᠪᠤᠳᠠᠯ ᠢ ᠵᠣᠬᠢᠴᠠᠨ᠂ ᠣᠨᠣᠯ ᠤᠨ ᠭᠦᠨᠴᠡ ᠪᠠ ᠠᠵᠢᠯᠯᠠᠭᠠᠨ ᠤ ᠵᠢᠯᠣᠭᠤᠳᠬᠤ | ᠴᠢᠨᠠᠷ ᠢ ᠬᠠᠪᠰᠤᠷᠭᠠᠵᠤ᠂ ᠦᠨᠳᠦᠰᠦᠨ ᠱᠠᠲᠤᠨ ᠤ ᠡᠶᠡᠳᠡᠭᠦᠯᠬᠦ ᠠᠵᠢᠯᠲᠠᠳ ᠤᠨ ᠲᠤᠬᠠᠶᠢᠯᠠᠭᠰᠠᠨ ᠠᠵᠢᠯ ᠤᠨ | ᠴᠢᠳᠠᠪᠤᠷᠢ ᠬᠡᠪ ᠪᠣᠯᠪᠠᠰᠤᠷᠠᠯ ᠢ ᠪᠦᠲᠦᠮᠵᠢᠲᠡᠶ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ | ᠠᠵᠢᠯ ᠤᠨ ᠰᠡᠳᠬᠢᠮᠵᠢ ᠶᠢ ᠥᠷᠭᠡᠳᠬᠡᠨ᠂ ᠪᠣᠯᠪᠠᠰᠤᠷᠠᠯ ᠳᠤ ᠣᠷᠣᠯᠴᠠᠭᠰᠠᠳ ᠤᠨ ᠬᠤᠶᠢᠰᠢᠳᠠ ᠶᠢᠨ ᠠᠵᠢᠯ ᠤᠨ | ᠳᠤᠮᠳᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠡᠶᠡᠳᠡᠭᠦᠯᠬᠦ ᠠᠵᠢᠯ ᠢ ᠵᠢᠷᠤᠮᠵᠢᠭᠤᠯᠤᠨ | ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠲᠡᠳᠡᠨ ᠤ ᠦᠨᠳᠦᠰᠦᠨ ᠱᠠᠲᠤᠨ ᠤ ᠵᠠᠰᠠᠯᠲᠠ ᠶᠢᠨ | ᠦᠢᠯᠡᠳᠦᠯᠭᠡ ᠶᠢᠨ ᠳᠤᠮᠳᠠ ᠡᠶᠡᠳᠡᠭᠦᠯᠬᠦ ᠤᠷ᠎ᠠ ᠮᠡᠷᠭᠡᠵᠢᠯ ᠢ ᠨᠠᠩ ᠣᠨᠣᠪᠴᠢᠲᠠᠶ ᠬᠡᠷᠡᠭᠯᠡᠬᠦ᠂ ᠵᠥᠷᠢᠴᠡᠯ | ᠵᠢᠭᠤᠷᠠᠯᠳᠤᠭᠠᠨ ᠢ ᠨᠠᠩ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ ᠭᠡᠵᠦ ᠨᠡᠶᠢᠳᠡᠮ | ᠲᠤᠰᠬᠠᠵᠤ ᠪᠠᠶᠢᠨ᠎ᠠ᠃ | ᠢᠷᠡᠭᠡᠳᠦᠶ ᠳᠤ᠂ ᠴᠢᠩ ᠱᠦᠶ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠣᠰ ᠪᠡᠶ᠎ᠡ ᠶᠢᠨ ᠡᠭᠦᠷᠭᠡ | ᠴᠢᠳᠠᠪᠤᠷᠢ ᠶᠢᠨ ᠪᠠᠶᠢᠷᠢ ᠲᠣᠭᠲᠠᠭᠠᠯᠲᠠ ᠲᠠᠢ ᠪᠠᠨ ᠨᠢᠭᠲᠠ ᠤᠶᠠᠯᠳᠤᠭᠤᠯᠤᠨ᠂ ᠶᠡᠷᠦᠩᠬᠡᠶᠢᠯᠡᠨ ᠵᠠᠰᠠᠬᠤ ᠲᠥᠪ ᠵᠢᠴᠢ | ᠪᠤᠰᠤᠳ ᠦᠨᠳᠦᠰᠦᠨ ᠱᠠᠲᠤᠨ ᠤ ᠵᠠᠰᠠᠯᠲᠠ ᠶᠢᠨ ᠭᠤᠤᠯ ᠴᠣᠭᠴᠠ ᠯᠤᠭ᠎ᠠ ᠶᠢᠨ ᠬᠠᠮᠵᠢᠯᠴᠠᠨ ᠬᠥᠳᠡᠯᠦᠯᠴᠡᠬᠦ | ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ | ᠂ ᠡᠮᠦᠨ᠎ᠡ ᠦᠵᠦᠭᠦᠷ ᠳᠤᠨᠢ ᠡᠶᠡᠳᠡᠭᠦᠯᠬᠦ᠂ ᠬᠠᠤᠯᠢ ᠴᠠᠭᠠᠵᠠ ᠶᠢᠨ ᠪᠠᠲᠤᠯᠠᠭ᠎ᠠ ᠥᠭᠬᠦ︾ ᠪᠥᠬᠦ ᠬᠡᠯᠬᠢᠶᠡᠰᠦ ᠶᠢᠨ | ᠣᠯᠠᠨ ᠡᠰᠢᠵᠢᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠰᠢᠰᠲ᠋ᠧᠮ ᠢ ᠬᠦᠴᠦᠯᠡᠨ ᠪᠠᠶᠢᠭᠤᠯᠵᠤ᠂ ᠵᠥᠷᠢᠴᠡᠯ | ᠵᠢᠭᠤᠷᠠᠯᠳᠤᠭᠠᠨ ᠢ ᠦᠨᠳᠦᠰᠦᠨ ᠱᠠᠲᠤᠨ ᠤ ᠵᠠᠰᠠᠯᠲᠠ ᠶᠢᠨ ᠨᠢᠭᠡᠴᠡ ᠳᠤ ᠴᠠᠭ ᠲᠤᠬᠠᠶ ᠳᠤᠨᠢ ᠢᠯᠡᠷᠡᠭᠦᠯᠬᠦ᠂ ᠥᠨᠳᠥᠷ | ᠪᠦᠲᠦᠮᠵᠢᠲᠡᠶ ᠪᠠᠷ ᠡᠶᠡᠳᠡᠭᠦᠯᠦᠨ ᠰᠢᠢᠳᠪᠦᠷᠢᠯᠡᠬᠦ᠂ ᠮᠥᠨ ᠴᠢᠨᠠᠷ ᠢᠶᠠᠷ ᠨᠠᠮᠳᠠᠭᠤᠯᠬᠤ ᠶᠢ ᠠᠬᠢᠭᠤᠯᠤᠨ᠎ᠠ᠃ ᠬᠠᠤᠯᠢ | ᠪᠠᠷᠢᠬᠤ ᠡᠭᠦᠷᠭᠡ ᠴᠢᠳᠠᠪᠤᠷᠢ ᠬᠢᠭᠡᠳ ᠨᠡᠶᠢᠭᠡᠮ ᠤᠨ ᠵᠠᠰᠠᠯᠲᠠ ᠶᠢᠨ ᠣᠷᠭᠠᠨᠢᠭ ᠠᠭᠤᠰᠤᠯᠴᠠᠯ ᠢ ᠦᠷᠭᠦᠯᠵᠢᠯᠡᠨ | ᠴᠢᠩᠭᠠᠳᠬᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠳᠤ ᠬᠠᠤᠯᠢᠵᠢᠯ ᠤᠨ ᠬᠥᠳᠡᠯᠭᠡᠬᠦ ᠬᠦᠴᠦᠨ ᠢ ᠨᠡᠮᠡᠷᠢᠯᠡᠵᠦ᠂ ᠬᠠᠤᠯᠢ ᠴᠠᠭᠠᠵᠠ ᠪᠠᠷ | ᠦᠨᠳᠦᠰᠦᠨ ᠱᠠᠲᠤᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠠᠷᠠᠳ ᠤᠯᠠᠨ ᠤ ᠠᠮᠤᠷ | ᠠᠮᠤᠭᠤᠯᠠᠩ ᠣᠷᠣᠰᠢᠨ ᠰᠠᠭᠤᠬᠤ ᠶᠢ ᠪᠠᠲᠤᠯᠠᠬᠤ ᠪᠠᠷ ᠪᠤᠢ᠃ | |