ᠯᠣᠣ ᠨᠢᠦ ᠸᠠᠨ ᠪᠠᠯᠭᠠᠰᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/4
     ᠬᠠᠪᠤᠷ ᠤᠨ ᠤᠷᠢᠬᠠᠨ ᠰᠠᠯᠬᠢᠨ ᠳᠤ ᠡᠪᠡᠰᠦ ᠮᠣᠳᠣ ᠨᠣᠭᠤᠭᠠᠷᠠᠵᠤ᠂ ᠪᠠᠰᠠ ᠨᠢᠭᠡ ᠵᠢᠯ ᠤᠨ ᠮᠣᠳᠣ ᠲᠠᠷᠢᠬᠤ ᠰᠠᠶᠢᠬᠠᠨ ᠤᠯᠠᠷᠢᠯ ᠪᠣᠯᠤᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠠᠷᠠᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠯᠣᠣ ᠨᠢᠦ ᠸᠠᠨ ᠪᠠᠯᠭᠠᠰᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠮᠢ ᠠᠬᠤᠢ ᠶᠢᠨ ᠨᠣᠭᠤᠭᠠᠷᠠᠭᠤᠯᠤᠯᠲᠠ︾ ᠶᠢ ︽ᠰᠠᠶᠢᠨ ᠳᠤᠷ᠎ᠠ ᠶᠢᠨ ᠤᠯᠠᠭᠠᠨ︾ ᠢᠶᠠᠷ ᠭᠡᠷᠡᠯᠳᠦᠬᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠵᠡᠰᠬᠦᠯᠡᠩᠲᠦ ᠰᠠᠶᠢᠬᠠᠨ ᠯᠣᠣ ᠨᠢᠦ ᠸᠠᠨ ᠤ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠡᠷᠭᠦᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠯᠣᠣ ᠨᠢᠦ ᠸᠠᠨ ᠪᠠᠯᠭᠠᠰᠤᠨ ᠤ ᠺᠠᠳ᠋ᠷ ᠠᠵᠢᠯᠲᠠᠳ ᠵᠢᠴᠢ ᠰᠠᠶᠢᠨ ᠳᠤᠷ᠎ᠠ ᠶᠢᠨ ᠠᠵᠢᠯᠯᠠᠭᠴᠢᠳ ᠤᠨ ᠬᠠᠯᠠᠭᠤᠨ ᠰᠡᠳᠬᠢᠯ ᠦᠨᠳᠦᠷ᠂ ᠡᠷᠴᠢ ᠵᠣᠷᠢᠭ ᠲᠡᠭᠦᠯᠳᠡᠷ ᠪᠠᠶᠢᠪᠠ᠃ ᠲᠡᠳᠡᠨ ᠤ ᠠᠵᠢᠯ ᠤᠨ ᠬᠤᠪᠢᠶᠠᠷᠢᠯᠠᠯ ᠲᠣᠳᠣᠷᠬᠠᠢ᠂ ᠨᠢᠭᠲᠠ ᠬᠠᠮᠵᠢᠯᠴᠠᠨ ᠠᠵᠢᠯᠯᠠᠵᠤ᠂ ᠵᠠᠷᠢᠮ ᠨᠢ ᠬᠦᠷᠵᠡ ᠬᠤᠷᠦ᠋ᠢᠯᠠᠵᠤ ᠰᠢᠷᠣᠢ ᠮᠠᠯᠲᠠᠵᠤ᠂ ᠵᠠᠷᠢᠮ ᠨᠢ ᠮᠣᠳᠣᠨ ᠴᠢᠬᠢ ᠲᠦᠰᠢᠨ ᠨᠦᠬᠡ ᠶᠢ ᠪᠤᠯᠠᠵᠤ᠂ ᠵᠠᠷᠢᠮ ᠨᠢ ᠰᠢᠨ᠎ᠡ ᠰᠢᠷᠣᠢ ᠨᠡᠮᠡᠵᠦ᠂ ᠵᠠᠷᠢᠮ ᠨᠢ ᠤᠰᠤ ᠲᠠᠲᠠᠵᠤ ᠤᠰᠤᠯᠠᠨ᠂ ᠭᠤᠭᠴᠤᠭ᠎ᠠ ᠨᠢᠭᠡᠪᠦᠷᠢ ᠶᠢ ᠴᠥᠮ ᠡᠮᠬᠢ ᠵᠢᠷᠤᠮ ᠲᠠᠢ ᠠᠪᠴᠠᠯᠳᠤᠭᠤᠯᠵᠤ᠂ ᠨᠠᠷᠢᠨ ᠬᠢᠨᠠᠮᠠᠭᠠᠢ ᠠᠵᠢᠯᠯᠠᠨ᠎ᠠ᠃ ᠤᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠪᠢᠯᠬᠠᠨ᠎ᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠨᠢᠭᠡ ᠨᠢᠭᠡ ᠰᠠᠭᠤᠷᠢ ᠰᠢᠨ᠎ᠡ ᠮᠣᠳᠣ ᠬᠥᠷᠥᠰᠥᠨ ᠳᠤ ᠯᠠᠪᠳᠠᠭᠤᠨ ᠪᠠᠲᠤᠲᠠᠢ ᠦᠨᠳᠦᠰᠦ ᠬᠠᠳᠬᠤᠵᠤ᠂ ᠬᠠᠪᠤᠷ ᠤᠨ ᠰᠠᠯᠬᠢᠨ ᠳᠤ ᠠᠮᠢᠵᠢᠷᠠᠯ ᠤᠨ ᠬᠦᠴᠦᠨ ᠢᠶᠠᠷ ᠪᠢᠯᠬᠠᠨ᠂ ᠯᠣᠤ ᠨᠢᠦ ᠸᠠᠨ ᠪᠠᠯᠭᠠᠰᠤᠨ ᠳᠤ ᠰᠢᠨ᠎ᠡ ᠨᠣᠭᠤᠭᠠᠨ ᠦᠩᠭᠡ ᠶᠢ ᠨᠡᠮᠡᠷᠢᠯᠡᠵᠡᠢ᠃     ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠠᠮᠢ ᠠᠬᠤᠶ ᠶᠢᠨ ᠪᠣᠯᠪᠠᠰᠤᠨ ᠤ ᠣᠨᠣᠯᠵᠢᠬᠤᠨ ᠢ ᠦᠢᠯᠡᠳᠦᠯᠭᠡᠵᠢᠭᠦᠯᠬᠦ ᠪᠣᠳᠠᠲᠠᠶ ᠠᠵᠢᠯᠯᠠᠭ᠎ᠠ ᠪᠣᠯᠬᠤ ᠪᠠᠷ ᠪᠠᠷᠠᠬᠤ ᠥᠬᠡᠶ ᠪᠠᠰᠠ ᠪᠠᠯᠭᠠᠰᠤᠨ ᠤ ᠵᠠᠰᠠᠭ ᠤᠨ ᠣᠷᠳᠣᠨ ᠤ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠭᠰᠠᠨ ᠠᠮᠢᠳᠤᠯᠢᠭ ᠢᠯᠡᠷᠡᠯ ᠪᠣᠯᠤᠨ᠎ᠠ᠃ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠠᠮᠢ ᠠᠬᠤᠶ ᠶᠢ ᠬᠠᠮᠠᠭᠠᠯᠠᠬᠤ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠬᠠᠮᠲᠤ ᠪᠠᠰᠠ ᠥᠷᠭᠡᠨ ᠣᠯᠠᠨ ᠲᠦᠮᠡᠨ ᠳᠤ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠳᠠᠮᠵᠢᠭᠤᠯᠵᠤ᠂ ᠣᠯᠠᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠪᠡ᠃ 
 
ᠢᠷᠡᠯᠲᠡ᠄ ᠴᠢᠩ ᠱᠦᠢ ᠡᠾᠸᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1