ᠬᠥᠯᠥᠰᠦᠨ ᠠᠵᠢᠯᠴᠢᠳ ᠤᠨ ᠬᠥᠳᠡᠯᠮᠦᠷᠢᠯᠡᠭᠡᠳ ᠬᠥᠯᠥᠰᠦ ᠣᠯᠭᠤᠮᠵᠢ ᠲᠠᠢ ᠪᠠᠶᠢᠬᠤ ᠶᠢ ᠨᠢ ᠪᠦᠬᠦ | ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠥᠪ ᠨᠢ ᠬᠠᠤᠯᠢ ᠶᠣᠰᠣᠭᠠᠷ ᠴᠠᠯᠢᠩ ᠬᠥᠯᠥᠰᠦ ᠪᠠᠨ ᠨᠡᠬᠡᠵᠦ ᠡᠷᠬᠡ ᠪᠠᠨ ᠬᠠᠮᠠᠭᠠᠯᠠᠬᠤ ᠰᠠᠭᠠᠳ ᠦᠭᠡᠢ ᠵᠠᠮ ᠢ | ᠰᠢᠯᠤᠭᠤᠳᠬᠠᠨ᠂ ᠴᠠᠯᠢᠩ ᠬᠥᠯᠥᠰᠦ ᠶᠢᠨ ᠥᠷᠢᠲᠦᠯ ᠤᠨ ᠲᠤᠬᠠᠢ ᠬᠠᠤᠯᠢ ᠴᠠᠭᠠᠵᠠ ᠶᠢᠨ ᠯᠠᠪᠯᠠᠭ᠎ᠠ ᠳᠤ ᠬᠠᠤᠯᠢ | ᠶᠣᠰᠣᠭᠠᠷ ᠬᠠᠷᠢᠭᠤᠯᠲᠠ ᠥᠭᠬᠦ ᠪᠠᠷ ᠪᠠᠷᠠᠬᠤ ᠦᠭᠡᠢ ᠪᠠᠰᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ | ᠨᠥᠬᠦᠴᠡᠯ ᠳᠤ ᠨᠡᠶᠢᠴᠡᠬᠦ ᠤᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ᠂ ᠬᠥᠳᠡᠯᠮᠦᠷᠢ ᠶᠢᠨ | ᠮᠠᠷᠭᠤᠯᠳᠤᠭᠠᠨ ᠨᠤᠭᠤᠳ ᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠠᠬᠢᠭᠤᠯᠤᠨ᠂ ᠴᠠᠯᠢᠩ ᠬᠥᠯᠥᠰᠦ ᠶᠢᠨ | ᠥᠷᠢᠲᠦᠯ ᠢ ᠬᠠᠤᠯᠢ ᠶᠣᠰᠣᠭᠠᠷ ᠴᠡᠭᠴᠡᠯᠡᠨ ᠵᠠᠰᠠᠬᠤ ᠳᠤ ︽ᠴᠠᠯᠢᠩ ᠬᠥᠯᠥᠰᠦ ᠶᠢᠨ ᠬᠠᠮᠠᠭᠠᠯᠠᠭᠴᠢ︾ ᠶᠢᠨ ᠠᠵᠢᠯ ᠢ | ᠰᠠᠶᠢᠲᠤᠷ ᠬᠢᠵᠦ ᠥᠭᠴᠦ ᠪᠠᠶᠢᠨ᠎ᠠ᠃ ᠲᠡᠭᠡᠪᠡᠯ᠂ ᠬᠥᠯᠥᠰᠦᠨ ᠠᠵᠢᠯᠴᠢᠳ ᠲᠤ ᠴᠠᠯᠢᠩ ᠬᠥᠯᠥᠰᠦ ᠶᠢ ᠨᠢ | ᠥᠷᠢᠲᠦᠵᠦ ᠪᠠᠶᠢᠬᠤ ᠠᠰᠠᠭᠤᠳᠠᠯ ᠲᠤᠯᠭᠠᠷᠠᠭᠠᠳ ᠬᠠᠤᠯᠢ ᠴᠠᠭᠠᠵᠠ ᠶᠢᠨ ᠲᠤᠰᠠᠯᠠᠮᠵᠢ ᠡᠷᠢᠬᠦ ᠴᠢᠬᠤᠯᠠᠲᠠᠢ ᠦᠶ᠎ᠡ ᠳᠤ | ᠶᠠᠮᠠᠷ ᠶᠠᠮᠠᠷ ᠠᠰᠠᠭᠤᠳᠠᠯ ᠢ ᠠᠩᠬᠠᠷᠬᠤ ᠴᠢᠬᠤᠯᠠ ᠲᠠᠢ ᠪᠣᠢ︖ | | ᠨᠢᠭᠡ᠂ ᠬᠥᠯᠥᠰᠦᠨ ᠠᠵᠢᠯᠴᠢᠨ ᠴᠠᠯᠢᠩ ᠬᠥᠯᠥᠰᠦ ᠪᠠᠨ ᠨᠡᠬᠡᠬᠦ ᠳᠤ᠂ ᠶᠠᠮᠠᠷ ᠪᠠᠶᠢᠳᠠᠯ ᠳᠣᠣᠷ᠎ᠠ ᠬᠠᠤᠯᠢ | ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠬᠤ ᠪᠤᠶ︖ | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ | ᠶᠢᠨ ᠭᠤᠴᠢᠨ ᠨᠢᠭᠡᠳᠦᠭᠡᠷ ᠵᠦᠢᠯ ᠤᠨ ᠲᠠᠪᠤᠳᠤᠭᠠᠷ ᠵᠤᠷᠪᠤᠰ ᠪᠠ ᠳᠥᠴᠢᠨ ᠬᠤᠶᠠᠳᠤᠭᠠᠷ ᠵᠦᠢᠯ ᠤᠨ ᠭᠤᠷᠪᠠᠳᠤᠭᠠᠷ | ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠭᠤᠶᠤᠴᠢᠯᠠᠬᠤ | ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶᠡᠨ ᠳᠤ ᠪᠠᠭᠲᠠᠨ᠎ᠠ︔ ᠬᠥᠳᠡᠯᠮᠦᠷᠢ ᠶᠢᠨ ᠬᠥᠯᠥᠰᠦ ᠣᠯᠭᠤᠮᠵᠢ | ᠥᠭᠬᠦ ᠶᠢ ᠭᠤᠶᠤᠴᠢᠯᠠᠭᠰᠠᠨ ᠬᠤᠲᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠠᠵᠤ ᠠᠬᠤᠢ ᠶᠢᠨ | ᠬᠦᠴᠢᠷᠳᠡᠯ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ ᠥᠭᠡᠷ᠎ᠡ ᠪᠠᠷ ᠬᠡᠯᠡᠪᠡᠯ᠂ | ᠬᠥᠯᠥᠰᠦᠨ ᠠᠵᠢᠯᠴᠢᠳ ᠴᠠᠯᠢᠩ ᠬᠥᠯᠥᠰᠦ ᠪᠠᠨ ᠨᠡᠬᠡᠬᠦ ᠳᠤ ᠬᠠᠤᠯᠢ ᠴᠠᠭᠠᠵᠠ ᠶᠢᠨ ᠲᠤᠰᠠᠯᠠᠮᠵᠢ ᠶᠢ ᠰᠢᠭᠤᠳ | ᠭᠤᠶᠤᠴᠢᠯᠠᠵᠤ᠂ ᠬᠠᠤᠯᠢᠴᠢ ᠶᠢᠨ ᠬᠠᠤᠯᠢ ᠴᠠᠭᠠᠵᠠ ᠶᠢᠨ ᠲᠥᠯᠥᠪᠦᠷᠢ ᠦᠭᠡᠢ ᠬᠠᠪᠰᠤᠷᠤᠯᠭ᠎ᠠ ᠶᠢ ᠣᠯᠵᠤ ᠪᠣᠯᠣᠨ᠎ᠠ᠃ | | | ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠪᠡᠯᠡᠳᠬᠡᠬᠦ | ᠴᠢᠬᠤᠯᠠ ᠲᠠᠢ ᠪᠤᠢ︖ | | ᠭᠤᠣᠯᠳᠠᠭᠤ ᠬᠤᠶᠠᠷ ᠲᠦᠷᠦᠯ ᠤᠨ ᠮᠠᠲ᠋ᠧᠷᠢᠶᠠᠯ ᠪᠡᠯᠡᠳᠬᠦ ᠴᠢᠬᠤᠯᠠ ᠲᠠᠢ᠃ ᠨᠢᠭᠡ ᠳᠤ ᠭᠤᠶᠤᠴᠢᠯᠠᠭᠴᠢ ᠶᠢᠨ | ᠲᠤᠰ ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ︔ ᠬᠤᠶᠠᠷ ᠲᠤ ᠴᠠᠯᠢᠩ ᠬᠥᠯᠥᠰᠦ ᠨᠡᠬᠡᠬᠦ ᠲᠠᠢ | ᠬᠤᠯᠪᠣᠭᠳᠠᠬᠤ ᠭᠡᠷᠡᠴᠢ ᠪᠠᠷᠢᠮᠲᠠ ᠶᠢᠨ ᠮᠠᠲ᠋ᠧᠷᠢᠶᠠᠯ᠂ ᠵᠢᠱᠢᠶᠡᠯᠡᠪᠡᠯ ᠬᠥᠳᠡᠯᠮᠦᠷᠢ ᠶᠢᠨ ᠭᠡᠷ᠎ᠡ᠂ ᠴᠠᠯᠢᠩ ᠬᠤᠪᠢᠶᠠᠭᠰᠠᠨ | ᠭᠡᠷᠡᠴᠢ᠂ ᠢᠷᠡᠴᠡ ᠪᠦᠷᠢᠳᠬᠡᠭᠦᠯᠦᠭᠰᠡᠨ ᠲᠡᠮᠳᠡᠭᠯᠡᠯ᠂ ᠠᠵᠢᠯ ᠤᠨ ᠦᠨᠡᠮᠯᠡᠯ᠂ ᠠᠵᠢᠯᠴᠢᠨ ᠨᠠᠶᠢᠵᠠ ᠶᠢᠨ ᠭᠡᠷᠡᠴᠢ | ᠦᠭᠡ᠂ ᠵᠣᠭᠤᠭᠳᠠᠭᠰᠠᠨ ᠲᠡᠮᠳᠡᠭᠯᠡᠯ᠂ ᠤᠲᠠᠰᠤ ᠪᠠᠷ ᠶᠠᠷᠢᠯᠴᠠᠭᠰᠠᠨ ᠳᠠᠭᠤ ᠰᠢᠩᠭᠡᠭᠡᠯᠲᠡ ᠵᠡᠷᠭᠡ ᠪᠣᠯᠣᠨ᠎ᠠ᠂ ᠡᠳᠡᠭᠡᠷ | ᠮᠠᠲ᠋ᠧᠷᠢᠶᠠᠯ ᠤᠳ ᠨᠢ ᠲᠠᠨ ᠢ ᠬᠥᠮᠥᠨ ᠬᠡᠷᠡᠭᠯᠡᠬᠦ ᠨᠢᠭᠡᠴᠢ ᠯᠦᠭᠡ ᠬᠥᠳᠡᠯᠮᠦᠷᠢ ᠶᠢᠨ ᠬᠠᠷᠢᠴᠠᠭ᠎ᠠ ᠲᠠᠢ ᠪᠠᠶᠢᠬᠤ ᠵᠢᠴᠢ | ᠴᠠᠯᠢᠩ ᠬᠥᠯᠥᠰᠦ ᠥᠷᠢᠲᠦᠵᠦ ᠪᠠᠶᠢᠭ᠎ᠠ ᠪᠣᠳᠠᠲᠤ ᠬᠡᠷᠡᠭ ᠢ ᠭᠡᠷᠡᠴᠢᠯᠡᠵᠦ ᠴᠢᠳᠠᠨ᠎ᠠ᠃ | | ᠭᠤᠷᠪᠠ᠂ ᠬᠠᠮᠢᠭᠠᠬᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠭᠤᠶᠤᠴᠢᠯᠠᠯ ᠭᠠᠷᠭᠠᠪᠠᠯ | ᠵᠣᠬᠢᠬᠤ ᠪᠤᠢ︖ | | ᠲᠠ ᠠᠯᠠᠱᠠ ᠠᠶᠢᠮᠠᠭ ᠲᠠᠬᠢ ᠳᠤᠷ᠎ᠠ ᠶᠢᠨ ᠨᠢᠭᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ | ᠭᠤᠶᠤᠴᠢᠯᠠᠯ ᠢᠶᠠᠨ ᠳᠡᠪᠰᠢᠭᠦᠯᠵᠦ ᠪᠣᠯᠣᠨ᠎ᠠ᠂ ᠭᠤᠶᠤᠴᠢᠯᠠᠭᠰᠠᠨ ᠵᠦᠢᠯᠡᠰ ᠴᠢᠨᠢ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠦᠢᠯᠡᠰ ᠤᠨ ᠬᠡᠪᠴᠢᠶᠡᠨ ᠳᠤ ᠬᠠᠷᠢᠶᠠᠯᠠᠭᠳᠠᠬᠤ ᠮᠥᠷᠲᠡᠭᠡᠨ ᠨᠥᠬᠦᠴᠡᠯ ᠳᠤ ᠨᠡᠶᠢᠴᠡᠪᠡᠯ᠂ | ᠠᠶᠢᠮᠠᠭ ᠤᠨ ᠬᠡᠪᠴᠢᠶᠡᠨ ᠳᠠᠬᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠭᠥᠯᠢᠶᠡᠨ ᠠᠪᠴᠤ᠂ | ᠭᠥᠯᠢᠶᠡᠨ ᠰᠢᠢᠳᠪᠦᠷᠢᠯᠡᠵᠦ᠂ ᠬᠢᠨᠠᠨ ᠪᠠᠶᠢᠴᠠᠭᠠᠵᠤ᠂ ᠵᠢᠭᠠᠨ ᠲᠣᠮᠢᠯᠠᠵᠤ᠂ ᠠᠶᠢᠮᠠᠭ ᠤᠨ ᠬᠡᠪᠴᠢᠶᠡᠨ ᠳᠤ ︽ᠨᠢᠭᠡ | ᠴᠣᠭᠴᠠᠵᠢᠭᠤᠯᠤᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡᠰᠦ ᠵᠣᠬᠢᠨ᠎ᠠ᠃ ᠬᠡᠷᠪᠡ ᠠᠵᠢᠯᠯᠠᠵᠤ ᠪᠠᠶᠢᠭ᠎ᠠ ᠭᠠᠵᠠᠷ | ᠪᠤᠶᠤ ᠬᠥᠮᠥᠨ ᠬᠡᠷᠡᠭᠯᠡᠬᠦ ᠨᠢᠭᠡᠴᠢ ᠶᠢᠨ ᠴᠢᠨᠢ ᠪᠠᠶᠢᠭ᠎ᠠ ᠭᠠᠵᠠᠷ ᠤᠨ ᠢᠶᠠᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠥᠪ ᠲᠤ ᠭᠤᠶᠤᠴᠢᠯᠠᠯ ᠢᠶᠠᠨ ᠳᠡᠪᠰᠢᠭᠦᠯᠪᠡᠯ᠂ ᠲᠣᠰ ᠬᠤᠶᠠᠷ ᠭᠠᠵᠠᠷ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠢ ᠲᠠᠨ ᠤ ᠪᠠᠶᠢᠳᠠᠯ ᠢ ᠬᠠᠷᠢᠴᠠᠩᠭᠤᠢ ᠪᠠᠷ ᠨᠡᠩ ᠰᠠᠶᠢᠨ ᠣᠶᠢᠯᠠᠭᠠᠵᠤ᠂ ᠦᠷᠭᠦᠯᠵᠢᠯᠡᠨ ᠪᠠᠶᠢᠴᠠᠭᠠᠬᠤ | ᠂ ᠵᠣᠬᠢᠴᠠᠭᠤᠯᠬᠤ ᠵᠡᠷᠭᠡ ᠠᠵᠢᠯ ᠢ ᠥᠷᠨᠢᠭᠦᠯᠬᠦ ᠳᠤ ᠨᠡᠩ ᠲᠦᠭᠦᠮ ᠪᠠᠶᠢᠳᠠᠭ᠃ | | ᠳᠥᠷᠪᠡ᠂ ᠶᠠᠮᠠᠷ ᠶᠠᠮᠠᠷ ᠪᠣᠳᠠᠲᠠᠢ ᠠᠷᠭ᠎ᠠ ᠮᠠᠶ᠋ᠢᠭ ᠢᠶᠠᠷ ᠭᠤᠶᠤᠴᠢᠯᠠᠬᠤ ᠪᠤᠢ︖ | | ᠠᠶᠢᠮᠠᠭ᠂ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠶᠡᠭᠡ ᠲᠢᠩᠬᠢᠮ ᠤᠨ | ᠴᠣᠩᠬᠤᠪᠴᠢ ᠪᠠᠷ ᠲᠤᠬᠠᠢ ᠶᠢᠨ ᠲᠠᠯᠠᠪᠤᠷ ᠲᠤ ᠨᠢ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ ᠪᠣᠯᠬᠤ ᠮᠥᠷᠲᠡᠭᠡᠨ | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ᠮᠥᠩᠬᠡ ᠰᠤᠪᠠᠭ APP | ᠰᠦᠯᠵᠢᠶ᠎ᠡ ᠪᠠᠷ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠪᠠᠰᠠ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ︽12348︾ ᠪᠠᠷ | ᠳᠠᠮᠵᠢᠭᠤᠯᠤᠨ ᠨᠠᠷᠢᠯᠢᠭ ᠯᠠᠪᠯᠠᠵᠤ ᠪᠣᠯᠣᠨ᠎ᠠ᠃ | | ᠲᠠᠪᠤ᠂ ᠭᠤᠶᠤᠴᠢᠯᠠᠭᠰᠠᠨ ᠤ ᠲᠠᠷᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ | ᠬᠡᠷᠬᠢᠨ ᠰᠢᠢᠳᠪᠦᠷᠢᠯᠡᠬᠦ ᠪᠤᠢ︖ | | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠭᠤᠶᠤᠴᠢᠯᠠᠯ ᠢ ᠬᠦᠯᠢᠶᠡᠭᠰᠡᠨ ᠤ | ᠲᠠᠷᠠᠭ᠎ᠠ᠂ ᠬᠥᠯᠥᠰᠦᠨ ᠠᠵᠢᠯᠴᠢᠨ ᠳᠤ ᠴᠠᠯᠢᠩ ᠬᠥᠯᠥᠰᠦ ᠶᠢ ᠨᠢ ᠨᠡᠬᠡᠵᠦ ᠥᠭᠬᠦ ︽ᠰᠠᠭᠠᠳ ᠦᠭᠡᠢ ᠵᠠᠮ︾ ᠶᠢ | ᠨᠡᠭᠡᠭᠡᠨ ᠥᠭᠴᠦ᠂ ᠭᠤᠶᠤᠴᠢᠯᠠᠬᠤ ᠴᠤᠪᠤᠷᠠᠯ ᠢ ᠴᠣᠮᠬᠠᠳᠬᠠᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠨ᠎ᠠ᠃ | ᠬᠡᠷᠪᠡ ᠮᠠᠲ᠋ᠧᠷᠢᠶᠠᠯ ᠪᠦᠷᠢᠨ ᠪᠢᠰᠢ ᠪᠠᠶᠢᠪᠠᠯ᠂ ᠪᠠᠶᠢᠳᠠᠯ ᠢ ᠦᠨᠳᠦᠰᠦᠯᠡᠨ ︽ᠮᠠᠲ᠋ᠧᠷᠢᠶᠠᠯ ᠳᠤᠲᠠᠭᠰᠠᠨ ᠢ | ᠠᠭᠤᠴᠢᠯᠠᠵᠤ ᠬᠦᠯᠢᠶᠡᠨ ᠰᠢᠢᠳᠪᠦᠷᠢᠯᠡᠬᠦ︾ ᠲᠣᠭᠲᠠᠴᠠ ᠶᠢ ᠠᠵᠢᠯᠯᠠᠭᠤᠯᠬᠤ ᠶᠢᠨ ᠬᠠᠮᠲᠤ ᠴᠢᠬᠤᠯᠠ ᠪᠦᠬᠦᠢ | ᠨᠥᠬᠦᠪᠦᠷᠢᠯᠡᠬᠦ ᠪᠤᠶᠤ ᠲᠣᠳᠣᠷᠬᠠᠶᠢᠯᠠᠬᠤ ᠮᠠᠲ᠋ᠧᠷᠢᠶᠠᠯ ᠢᠶᠠᠨ ᠴᠠᠭ ᠲᠤᠬᠠᠢ ᠳᠤ ᠨᠢ ᠨᠥᠬᠦᠬᠦ ᠶᠢ ᠲᠠᠨ ᠳᠤ ᠨᠢᠭᠡ ᠯᠡ | ᠤᠳᠠᠭ᠎ᠠ ᠳᠤ ᠴᠥᠮ ᠮᠡᠳᠡᠭᠳᠡᠨ᠎ᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠠᠴᠠ | ᠲᠣᠬᠢᠷᠠᠮᠵᠢᠲᠠᠢ ᠬᠠᠤᠯᠢᠴᠢ ᠶᠢ ᠲᠣᠮᠢᠯᠠᠭᠠᠳ ᠲᠠᠨ ᠳᠤ ᠬᠠᠤᠯᠢ ᠴᠠᠭᠠᠵᠠ ᠶᠢᠨ ᠲᠤᠰᠠᠯᠠᠮᠵᠢ ᠦᠢᠯᠡᠴᠢᠯᠡᠭᠡ ᠬᠠᠩᠭᠠᠵᠤ᠂ | ᠲᠠᠨ ᠢ ᠬᠠᠪᠰᠤᠷᠤᠨ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠪᠤᠶᠤ ᠵᠠᠭᠠᠯᠳᠤᠬᠤ ᠵᠡᠷᠭᠡ ᠬᠠᠤᠯᠢ | ᠶᠣᠰᠣᠨ ᠤ ᠠᠷᠭ᠎ᠠ ᠵᠠᠮ ᠢᠶᠠᠷ ᠴᠠᠯᠢᠩ ᠬᠥᠯᠥᠰᠦ ᠶᠢ ᠴᠢᠨᠢ ᠨᠡᠬᠡᠵᠦ ᠠᠪᠴᠤ ᠥᠭᠬᠦ ᠪᠣᠯᠣᠨ᠎ᠠ᠃ | |