ᠮᠠᠨ ᠤ ᠣᠷᠣᠨ ᠤ ᠡᠨᠡ ᠬᠦ ᠵᠠᠰᠠᠮᠠᠯ ᠵᠠᠮ 2024 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠥᠮᠥᠰ ᠤᠨ ᠬᠦᠷᠢᠶᠡᠯᠡᠯ ᠢ ᠣᠯᠣᠭᠰᠠᠨ ᠵᠠᠰᠠᠮᠠᠯ ᠵᠠᠮ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/6/4
     ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2024 ᠣᠨ ᠤ ︽ᠠᠷᠪᠠᠨ ᠬᠠᠮᠤᠭ ᠤᠨ ᠭᠤᠶᠣ ᠬᠥᠳᠡᠭᠡ ᠲᠣᠰᠬᠤᠨ ᠤ ᠵᠠᠰᠠᠮᠠᠯ ᠵᠠᠮ︾ ᠵᠡᠷᠭᠡ ᠨᠡᠷᠡᠰ ᠢ ᠨᠡᠶᠢᠲᠡᠯᠡᠵᠦ᠂ ᠬᠥᠬᠡᠬᠤᠲᠠ ᠶᠢᠨ ᠴᠢᠩ ᠱᠦᠢ ᠾᠧ ᠰᠢᠶᠠᠨ ᠤ ᠹᠧᠩ ᠵᠢᠶᠠ ᠲᠠ ᠠᠴᠠ ᠯᠣᠤ ᠨᠢᠦ ᠸᠠᠨ ᠬᠦᠷᠬᠦ ᠵᠠᠰᠠᠮᠠᠯ ᠵᠠᠮ 2024 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ - ᠬᠥᠮᠥᠰ ᠤᠨ ᠬᠦᠷᠢᠶᠡᠯᠡᠯ ᠢ ᠣᠯᠣᠭᠰᠠᠨ ᠵᠠᠰᠠᠮᠠᠯ ᠵᠠᠮ︾ ᠢᠶᠠᠷ ᠦᠨᠡᠯᠡᠭᠳᠡᠪᠡ᠃  
“我家门口那条路——最具人气的路”1.jpg  
     ᠹᠧᠩ ᠵᠢᠶᠠ ᠲᠠ ᠠᠴᠠ ᠯᠣᠣ ᠨᠢᠦ ᠸᠠᠨ ᠬᠦᠷᠬᠦ ᠵᠠᠰᠠᠮᠠᠯ ᠵᠠᠮ         ◆4 ᠵᠢᠯ ᠳᠠᠷᠠᠭᠠᠯᠠᠨ ︽ᠠᠮᠵᠢᠯᠲᠠ ᠣᠯᠣᠭᠰᠠᠨ︾︕        ᠥᠪᠥᠷ ᠮᠣᠩᠭᠤᠯ ᠤᠨ ᠪᠦᠬᠦ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠷᠢᠳᠬᠡᠯ  
“我家门口那条路——最具人气的路”2.jpg
      2021 ᠣᠨ ᠠᠴᠠ ᠨᠠᠭᠠᠰᠢ᠂ ᠮᠠᠨ ᠤ ᠣᠷᠣᠨ ᠨᠢᠭᠡᠨᠲᠡ 4 ᠵᠢᠯ ᠳᠠᠷᠠᠭᠠᠯᠠᠨ ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠮᠠᠯ ᠵᠠᠮ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠲᠤᠰ ᠲᠤᠰ᠄        2021 ᠣᠨ ᠤ ᠪᠥᠬᠦ ᠤᠯᠤᠰ ᠤᠨ ︽ᠠᠷᠪᠠᠨ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾     ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠪᠡᠯᠭᠦᠳᠡᠢ ᠰᠦᠮ᠎ᠡ ᠠᠴᠠ ᠳ᠋ᠧᠩᠺᠸᠦ ᠬᠦᠷᠬᠦ ᠵᠠᠰᠠᠮᠠᠯ ᠵᠠᠮ        2022 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ— ᠬᠥᠮᠥᠰ ᠤᠨ ᠬᠦᠷᠢᠶᠡᠯᠡᠯ ᠢ ᠣᠯᠣᠭᠰᠠᠨ ᠵᠠᠰᠠᠮᠠᠯ ᠵᠠᠮ︾        ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤ ᠠᠴᠠ ᠪᠣᠷᠤᠪᠠᠯᠭᠠᠰᠤ ᠬᠦᠷᠬᠦ ᠬᠤᠪᠢᠰᠬᠠᠯ ᠤᠨ ᠵᠢᠭᠤᠯᠴᠢᠯᠠᠯ ᠤᠨ ᠵᠠᠰᠠᠮᠠᠯ ᠵᠠᠮ        2023 ᠣᠨ ᠤ ᠪᠥᠬᠦ ᠤᠯᠤᠰ ᠤᠨ ︽ᠠᠷᠪᠠᠨ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾        ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠪᠣᠷᠣᠬᠤᠲᠠ ᠠᠴᠠ ᠪᠠᠶᠠᠨᠲᠤᠬᠤᠢ ᠬᠦᠷᠬᠦ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠰᠠᠮᠠᠯ ᠵᠠᠮ        2024 ᠣᠨ ᠤ ︽ᠮᠠᠨ ᠤ ᠭᠡᠷ ᠤᠨ ᠡᠭᠦᠳᠡᠨ ᠳᠠᠬᠢ ᠲᠡᠷᠡ ᠵᠠᠮ — ᠬᠥᠮᠥᠰ ᠤᠨ ᠬᠦᠷᠢᠶᠡᠯᠡᠯ ᠢ ᠣᠯᠣᠭᠰᠠᠨ ᠵᠠᠰᠠᠮᠠᠯ ᠵᠠᠮ︾        ᠬᠥᠬᠡᠬᠤᠲᠠ ᠶᠢᠨ ᠴᠢᠩ ᠱᠦᠢ ᠾᠧ ᠰᠢᠶᠠᠨ ᠤ ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ        ◆ᠨᠢᠭᠡ ᠵᠠᠰᠠᠮᠠᠯ ᠵᠠᠮ ᠬᠥᠳᠡᠭᠡ ᠲᠣᠰᠬᠤᠨ ᠢ ᠬᠥᠭᠵᠢᠭᠡᠨ᠎ᠡ        ᠴᠢᠩ ᠱᠦᠢ ᠾᠧ ᠰᠢᠶᠠᠨ ᠤ ︽ᠵᠠᠮ ᠬᠠᠷᠢᠯᠴᠠᠭ᠎ᠠ +︾ ᠶᠢᠨ ᠨᠢᠭᠤᠴᠠ ᠲᠡᠮᠳᠡᠭ  
“我家门口那条路——最具人气的路”3.jpg
      ᠬᠥᠬᠡᠬᠤᠲᠠ ᠶᠢᠨ ᠴᠢᠩ ᠱᠦᠢ ᠾᠧ ᠱᠢᠶᠠᠨ ᠤ Y712 ᠱᠤᠭᠤᠮ ᠤᠨ ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ ᠢ 2023 ᠣᠨ ᠳᠤ ᠪᠠᠶᠢᠭᠤᠯᠤᠨ ᠳᠠᠭᠤᠰᠬᠠᠵᠤ᠂ ᠵᠠᠮ ᠱᠤᠭᠤᠮ ᠤᠨ ᠪᠦᠬᠦ ᠤᠷᠲᠤ ᠨᠢ 25.951 ᠺᠢᠯᠣᠮᠧᠲᠷ ᠪᠠᠶᠢᠵᠤ᠂ ᠡᠬᠢᠯᠡᠯᠲᠡ ᠶᠢᠨ ᠴᠡᠭ ᠨᠢ ᠴᠢᠩ ᠱᠦᠢ ᠾᠧ ᠰᠢᠶᠠᠨ ᠤ ᠶᠣᠣ ᠭᠧᠦ ᠰᠢᠶᠠᠩ ᠤᠨ ᠹᠧᠩ ᠵᠢᠶᠠ ᠲᠠ ᠲᠣᠰᠬᠤᠨ ᠳᠤ ᠪᠠᠶᠢᠵᠤ᠂ ᠴᠧᠩ ᠸᠠᠨ ᠲᠣᠰᠬᠤᠨ᠂ ᠫᠦ᠋ ᠶᠧᠦ ᠲᠠ ᠲᠣᠰᠬᠤᠨ᠂ ᠰᠢ ᠴᠠ ᠲᠣᠰᠬᠤᠨ ᠂ ᠰᠧ ᠽᠦᠸᠧ ᠲᠠ ᠲᠣᠰᠬᠤᠨ᠂ ᠨᠢᠦ ᠨᠢ ᠲᠠ ᠲᠣᠰᠬᠤᠨ᠂ ᠱᠦᠢ ᠮᠧᠨ ᠲᠠ ᠲᠣᠰᠬᠤᠨ ᠢ ᠥᠩᠭᠡᠷᠡᠵᠦ᠂ ᠡᠴᠦᠰ ᠤᠨ ᠴᠡᠭ ᠨᠢ ᠯᠤᠤ ᠨᠢᠦ ᠸᠠᠨ ᠪᠠᠯᠭᠠᠰᠤᠨ ᠳᠤ ᠪᠠᠶᠢᠳᠠᠭ᠃        ᠲᠣᠰ ᠵᠠᠰᠠᠮᠠᠯ ᠵᠠᠮ ᠪᠣᠯ ᠴᠢᠩ ᠱᠦᠢ ᠾᠧ ᠰᠢᠶᠠᠨ ᠤ ᠬᠠᠲᠤᠨ ᠭᠤᠣᠯ ᠳᠠᠭᠠᠤ ᠶᠢᠨ ᠵᠢᠭᠤᠯᠴᠢᠯᠠᠯ ᠤᠨ ᠠᠵᠤ ᠠᠬᠤᠢ ᠶᠢᠨ ᠪᠦᠰᠡ ᠶᠢᠨ ᠭᠤᠣᠯ ᠱᠤᠭᠤᠮ ᠤᠨ ᠵᠠᠰᠠᠮᠠᠯ ᠵᠠᠮ ᠪᠣᠯᠣᠨ᠎ᠠ᠂ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠰᠡᠨ ᠠᠴᠠ ᠨᠠᠭᠠᠰᠢ᠂ ᠵᠠᠮ ᠳᠠᠭᠠᠤ ᠶᠢᠨ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠤ ᠦᠢᠯᠡᠰ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠲᠦᠷᠭᠡᠨ ᠬᠥᠭᠵᠢᠬᠦ ᠶᠢ ᠳᠠᠶᠢᠴᠢᠯᠠᠵᠤ᠂ ᠴᠢᠩ ᠱᠦᠢ ᠾᠧ ᠰᠢᠶᠠᠨ ᠤ ᠵᠢᠭᠤᠯᠴᠢᠯᠠᠯ ᠤᠨ ᠦᠢᠯᠡᠰ ᠲᠤ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠵᠤ᠂ ᠯᠣᠣ ᠨᠢᠦ ᠸᠠᠨ ᠦᠵᠡᠮᠵᠢ ᠶᠢᠨ ᠣᠷᠣᠨ ᠤ ᠠᠵᠤ ᠠᠬᠤᠢ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠵᠦ᠂ ᠵᠠᠮ ᠳᠠᠭᠠᠤ ᠶᠢᠨ ᠣᠯᠠᠨ ᠲᠦᠮᠡᠨ ᠳᠤ ᠰᠠᠶᠢᠨ ᠰᠠᠶᠢᠬᠠᠨ ᠠᠵᠤ ᠠᠬᠤᠢ ᠶᠢᠨ ᠦᠷ᠎ᠡ ᠠᠰᠢᠭ ᠢ ᠠᠪᠴᠢᠷᠠᠵᠤ ᠥᠭᠴᠡᠢ᠃  
 
ᠢᠷᠡᠯᠲᠡ᠄ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1