ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠶᠢᠨ ᠲᠥᠷᠥᠯᠬᠢ ᠶᠢᠨ ᠵᠢᠷᠦᠬᠡᠨ ᠡᠪᠡᠳᠴᠢᠨ ᠲᠠᠢ ᠬᠡᠦᠬᠡᠳ ᠢᠶᠠᠨ | ᠡᠮᠨᠡᠭᠦᠯᠭᠦ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠭᠦᠭᠡᠬᠤᠳᠠ ᠶᠢᠨ ᠤᠯᠠᠭᠠᠨ ᠵᠠᠭᠠᠯᠮᠠᠶᠢᠳᠠᠨ | ᠤ ᠨᠡᠶᠢᠭᠡᠮᠯᠢᠭ ᠣᠶᠢᠷ᠎ᠠ ᠳᠤ ᠲᠥᠷᠥᠯᠬᠢ ᠶᠢᠨ ᠵᠢᠷᠦᠬᠡᠨ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ | ᠠᠵᠢᠯᠯᠠᠭ᠎ᠠ ᠶᠢ ᠥᠷᠨᠢᠭᠦᠯᠵᠦ ᠡᠬᠢᠯᠡᠪᠡ᠃ | ᠲᠤᠰ ᠠᠵᠢᠯᠯᠠᠭ᠎ᠠ ᠶᠢ ᠭᠤᠣᠯᠳᠠᠭᠤ ᠭᠦᠭᠡᠬᠤᠳᠠ ᠶᠢᠨ ᠡᠷᠦᠭᠡ ᠠᠮᠠ ᠲᠠᠢ᠂ ᠭᠡᠷ ᠪᠦᠯᠢ ᠶᠢᠨ ᠠᠮᠢᠳᠤᠷᠠᠯ ᠨᠢ | ᠬᠦᠴᠢᠷᠳᠡᠯᠲᠡᠢ 0 - 14 ᠪᠦᠬᠦᠯᠢ ᠨᠠᠰᠤᠨ ᠤ ᠲᠥᠷᠥᠯᠬᠢ ᠶᠢᠨ ᠵᠢᠷᠦᠬᠡᠨ ᠡᠪᠡᠳᠴᠢᠨ ᠲᠠᠢ ᠬᠡᠦᠬᠡᠳ ᠲᠤ | ᠬᠠᠨᠳᠤᠭᠤᠯᠪᠠ᠃ ᠡᠭᠦᠨ ᠳᠤ ᠬᠤᠳᠠ ᠬᠥᠳᠡᠭᠡ ᠶᠢᠨ ᠣᠨᠴᠠ ᠬᠦᠴᠢᠷᠳᠡᠯᠲᠡᠢ ᠭᠡᠷ ᠪᠦᠯᠢ᠂ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠭᠦᠷᠳᠡᠮᠡᠷ ᠪᠠᠶᠢᠭ᠎ᠠ ᠬᠥᠮᠥᠰ᠂ ᠴᠢᠬᠤᠯᠠ ᠪᠦᠬᠦᠢ ᠠᠮᠢᠳᠤᠷᠠᠯ ᠤᠨ ᠵᠠᠷᠤᠳᠠᠯ ᠳᠠᠭᠠᠨ ᠬᠦᠴᠢᠷᠳᠡᠵᠦ ᠪᠠᠶᠢᠭ᠎ᠠ ᠬᠥᠮᠥᠰ᠂ | ᠪᠤᠰᠤᠳ ᠠᠮᠢᠳᠤᠷᠠᠯ ᠬᠦᠴᠢᠷᠳᠡᠯᠲᠡᠢ ᠬᠥᠮᠥᠰ ᠪᠠ ᠳᠠᠭᠢᠨ ᠶᠠᠳᠠᠭᠤᠷᠠᠬᠤ ᠶᠢ ᠨᠢ ᠬᠢᠨᠠᠨ ᠰᠢᠯᠭᠠᠵᠤ ᠪᠠᠶᠢᠭ᠎ᠠ ᠭᠡᠷ | ᠪᠦᠯᠢ ᠶᠢᠨ ᠬᠢ ᠪᠠᠭᠲᠠᠨ᠎ᠠ᠃ ᠡᠳᠡᠭᠡᠷ ᠭᠡᠷ ᠪᠦᠯᠢ ᠶᠢᠨ ᠬᠢᠨ ᠬᠡᠦᠬᠡᠳ ᠢᠶᠠᠨ ᠡᠮᠨᠡᠭᠦᠯᠦᠭᠡᠳ᠂ ᠦᠨᠳᠦᠰᠦᠨ | ᠡᠮᠴᠢᠯᠡᠭᠡᠨ ᠤ ᠳᠠᠭᠠᠳᠬᠠᠯ ᠢᠶᠠᠷ ᠳᠠᠩᠰᠠ ᠴᠠᠶᠢᠷᠠᠭᠤᠯᠤᠭᠰᠠᠨ ᠤ ᠳᠠᠷᠠᠭᠠᠬᠢ ᠦᠪᠡᠰᠦᠪᠡᠨ ᠭᠠᠷᠭᠠᠬᠤ ᠵᠣᠭᠤᠰᠤᠨ ᠤ | ᠬᠡᠰᠡᠭ ᠲᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠬᠡᠦᠬᠡᠳ ᠪᠦᠷᠢ ᠳᠤ ᠬᠠᠮᠤᠭ ᠤᠨ ᠥᠨᠳᠥᠷ ᠲᠡᠭᠡᠨ 2 | ᠲᠦᠮᠡᠨ ᠲᠥᠭᠦᠷᠢᠭ ᠤᠨ ᠲᠤᠰᠠᠯᠠᠮᠵᠢ ᠤᠯᠭᠤᠨ᠎ᠠ᠃ ᠦᠪᠡᠰᠦᠪᠡᠨ ᠭᠠᠷᠭᠠᠭᠰᠠᠨ ᠵᠣᠭᠤᠰ ᠨᠢ 2 ᠲᠦᠮᠡᠨ ᠲᠥᠭᠦᠷᠢᠭ | ᠠᠴᠠ ᠪᠠᠭ᠎ᠠ ᠪᠣᠯ ᠪᠣᠳᠠᠲᠠᠢ ᠭᠠᠷᠭᠠᠭᠰᠠᠨ ᠵᠣᠭᠤᠰᠤᠨ ᠤ ᠬᠡᠮᠵᠢᠶ᠎ᠡ ᠪᠠᠷ ᠲᠤᠰᠠᠯᠠᠮᠵᠢ ᠣᠯᠭᠤᠨ᠎ᠠ᠃ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠭᠰᠠᠨ ᠦᠭᠡᠢ ᠬᠡᠦᠬᠡᠳ ᠲᠤ ᠬᠠᠮᠤᠭ ᠤᠨ ᠥᠨᠳᠥᠷ ᠲᠡᠭᠡᠨ 2 ᠲᠦᠮᠡᠨ | ᠲᠥᠭᠦᠷᠢᠭ ᠤᠨ ᠪᠠᠷᠢᠮᠵᠢᠶ᠎ᠠ ᠪᠠᠷ ᠲᠤᠰᠠᠯᠠᠮᠵᠢ ᠣᠯᠭᠤᠬᠤ ᠪᠠᠷ ᠲᠣᠭᠲᠠᠵᠠᠢ᠃ | ᠡᠭᠦᠨ ᠠᠴᠠ ᠭᠠᠳᠠᠨ᠎ᠠ ᠬᠦᠨᠳᠦ ᠶᠡᠭᠡ ᠡᠪᠡᠳᠴᠢᠨ᠂ ᠭᠠᠮᠰᠢᠭ ᠪᠤᠶᠤ ᠬᠦᠨᠳᠦ ᠶᠡᠭᠡ ᠭᠡᠨᠡᠳᠲᠡ ᠶᠢᠨ ᠬᠡᠷᠡᠭ | ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠳᠤᠨᠢ ᠶᠡᠭᠡ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠭᠡᠷ ᠪᠦᠯᠢ ᠳᠤ ︽ᠠᠰ ᠠᠰ ᠢᠶᠠᠷ ᠨᠢ ᠵᠥᠪᠯᠡᠬᠦ︾ ᠭᠡᠯᠪᠡᠷᠢ ᠪᠠᠷ ᠵᠣᠬᠢᠰᠲᠠᠢ ᠲᠤᠰᠠᠯᠠᠮᠵᠢ ᠣᠯᠭᠤᠵᠤ᠂ ᠦᠨᠳᠦᠰᠦᠨ | ᠡᠮᠴᠢᠯᠡᠭᠡᠨ ᠤ ᠳᠠᠭᠠᠳᠬᠠᠯ ᠢᠶᠠᠷ ᠲᠠᠩᠰᠠ ᠴᠠᠶᠢᠷᠠᠭᠤᠯᠤᠭᠰᠠᠨ ᠤ ᠳᠠᠷᠠᠭ᠎ᠠ ᠦᠪᠡᠰᠦᠪᠡᠨ ᠭᠠᠷᠭᠠᠬᠤ ᠵᠣᠭᠤᠰ ᠨᠢ 2 - | 3 ᠲᠦᠮᠡᠨ ᠲᠥᠭᠦᠷᠢᠭ ᠪᠠᠶᠢᠪᠠᠯ 5000 ᠲᠥᠭᠦᠷᠢᠭ ᠤᠨ ᠲᠤᠰᠠᠯᠠᠮᠵᠢ ᠣᠯᠭᠤᠵᠤ᠂ ᠦᠪᠡᠰᠦᠪᠡᠨ ᠭᠠᠷᠭᠠᠬᠤ | ᠵᠣᠭᠤᠰ ᠨᠢ 3 - 4 ᠲᠦᠮᠡᠨ ᠲᠥᠭᠦᠷᠢᠭ ᠪᠠᠶᠢᠪᠠᠯ 1 ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠂ | ᠦᠪᠡᠰᠦᠪᠡᠨ ᠭᠠᠷᠭᠠᠬᠤ ᠵᠣᠭᠤᠰ ᠨᠢ 4 - 5 ᠲᠦᠮᠡᠨ ᠲᠥᠭᠦᠷᠢᠭ ᠪᠠᠶᠢᠪᠠᠯ 1.5 ᠲᠦᠮᠡᠨ ᠲᠥᠭᠦᠷᠢᠭ ᠤᠨ | ᠲᠤᠰᠠᠯᠠᠮᠵᠢ ᠣᠯᠭᠤᠵᠤ᠂ ᠦᠪᠡᠰᠦᠪᠡᠨ ᠭᠠᠷᠭᠠᠬᠤ ᠵᠣᠭᠤᠰ ᠨᠢ 5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 2 | ᠲᠦᠮᠡᠨ ᠲᠥᠭᠦᠷᠢᠭ ᠤᠨ ᠲᠤᠰᠠᠯᠠᠮᠵᠢ ᠣᠯᠭᠤᠬᠤ ᠪᠠᠷ ᠲᠣᠭᠲᠠᠪᠠ᠃ | ᠲᠤᠰ ᠤᠳᠠᠭᠠᠨ ᠤ ᠲᠤᠰᠠᠯᠠᠮᠵᠢ ᠶᠢ ᠬᠡᠦᠬᠡᠳ ᠪᠦᠷᠢ ᠳᠤ ᠭᠠᠭᠴᠠᠬᠠᠨ ᠤᠳᠠᠭ᠎ᠠ ᠬᠦᠷᠲᠡᠭᠡᠵᠦ᠂ ᠨᠥᠬᠦᠴᠡᠯ ᠳᠤ | ᠨᠡᠶᠢᠴᠡᠬᠦ ᠭᠡᠷ ᠪᠦᠯᠢ ᠶᠢᠨ ᠬᠢᠨ ᠬᠡᠦᠬᠡᠳ ᠲᠡᠭᠡᠨ ᠵᠠᠰᠠᠯ ᠬᠢᠯᠭᠡᠬᠦ ᠡᠮᠨᠡᠯᠭᠡ ᠶᠢᠨ ᠬᠤᠷᠢᠶ᠎ᠠ ᠶᠢ ᠦᠪᠡᠰᠦᠪᠡᠨ | ᠰᠣᠩᠭᠤᠵᠤ᠂ ᠬᠡᠦᠬᠡᠳ ᠢᠶᠠᠨ ᠡᠮᠨᠡᠯᠭᠡ ᠠᠴᠠ ᠭᠠᠷᠭᠠᠭᠰᠠᠨ ᠤ ᠳᠠᠷᠠᠭ᠎ᠠ 2 ᠰᠠᠷ᠎ᠠ ᠶᠢᠨ ᠳᠣᠲᠣᠷ᠎ᠠ ᠲᠤᠬᠠᠢ ᠶᠢᠨ | ᠬᠤᠰᠢᠭᠤ ᠰᠢᠶᠠᠨ ᠤ ᠪᠠᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠡᠷᠡᠮᠡᠯᠵᠡᠯ ᠳᠡᠪᠰᠢᠭᠦᠯᠦᠨ ᠲᠤᠰᠠᠯᠠᠮᠵᠢ | ᠠᠪᠴᠤ ᠪᠣᠯᠣᠨ᠎ᠠ᠃ | |