ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠡᠳᠦᠷ ᠪᠦᠷᠢ 7 ᠊᠊᠊ 8 ᠴᠠᠭ ᠤᠨ ᠨᠣᠶᠢᠷ ᠢ ᠪᠠᠲᠤᠯᠠᠪᠠᠯ | ᠵᠣᠬᠢᠨ᠎ᠠ᠃ ᠢᠳᠡᠬᠦ᠂ ᠰᠤᠷᠤᠯᠴᠠᠬᠤ᠂ ᠠᠵᠢᠯᠯᠠᠬᠤ᠂ ᠪᠣᠯᠪᠠᠰᠤᠷᠠᠬᠤ᠂ ᠨᠠᠶᠢᠷᠠᠯᠳᠤᠬᠤ᠂ ᠤᠨᠲᠠᠬᠤ ᠵᠡᠷᠭᠡ ᠬᠥᠮᠥᠨ ᠤ | ᠠᠯᠢᠪᠠ ᠠᠵᠢᠯᠯᠠᠭ᠎ᠠ ᠨᠢ ᠪᠦᠷ ᠶᠡᠭᠡ ᠲᠠᠷᠢᠬᠢᠨ ᠤ ᠵᠠᠬᠢᠷᠤᠯᠭ᠎ᠠ ᠳᠣᠣᠷ᠎ᠠ ᠪᠡᠶᠡᠯᠡᠭᠳᠡᠳᠡᠭ ᠶᠤᠮ᠃ ᠤᠳᠠᠭ᠎ᠠ ᠪᠦᠷᠢ ᠶᠢᠨ | ᠠᠵᠢᠯᠯᠠᠭ᠎ᠠ ᠨᠢ ᠪᠦᠷ ᠶᠡᠭᠡ ᠲᠠᠷᠢᠬᠢᠨ ᠤ ᠰᠠᠭᠤᠭᠳᠠᠯ ᠦᠯᠡᠳᠡᠭᠡᠳᠡᠭ ᠪᠥᠭᠡᠳ ᠤᠳᠠᠭᠠᠨ ᠳᠠᠭᠠᠨ ᠵᠣᠬᠢᠬᠤ | ᠠᠮᠢᠳᠤᠷᠠᠯ ᠤᠨ ᠵᠢᠮ᠎ᠡ ᠶᠣᠰᠣ ᠪᠣᠯᠣᠨ ᠪᠦᠷᠢᠯᠳᠦᠨ᠎ᠡ᠃ ᠡᠨᠡ ᠬᠦ ᠵᠢᠮ᠎ᠡ ᠶᠣᠰᠣ ᠶᠢ ᠵᠥᠷᠢᠴᠡᠪᠡᠯ᠂ ᠶᠡᠭᠡ ᠲᠠᠷᠢᠬᠢ | ᠪᠣᠯᠣᠨ ᠪᠡᠶ᠎ᠡ ᠮᠠᠬᠠᠪᠤᠳ ᠤᠨ ᠪᠤᠰᠤᠳ ᠡᠷᠬᠡᠲᠡᠨ ᠳᠠᠷᠤᠢ ᠪᠠᠴᠢᠮ ᠪᠠᠶᠢᠳᠠᠯ ᠳᠤ ᠣᠷᠣᠳᠠᠭ᠃ ᠡᠶᠢᠮᠦᠷᠬᠦᠦ ᠪᠠᠴᠢᠮ | ᠪᠠᠶᠢᠳᠠᠯ ᠨᠢ ᠡᠪᠡᠳᠴᠢᠨ ᠡᠮᠭᠡᠭ ᠡᠭᠦᠰᠬᠡᠬᠦ ᠪᠠ ᠥᠲᠡᠯᠬᠦ ᠶᠢ ᠬᠤᠷᠳᠤᠳᠬᠠᠬᠤ ᠴᠢᠬᠤᠯᠠ ᠰᠢᠯᠲᠠᠭᠠᠨ ᠤ ᠨᠢᠭᠡ | ᠪᠣᠯᠣᠨ᠎ᠠ᠃ | ︵1︶ ᠰᠤᠷᠤᠯᠴᠠᠵᠤ ᠠᠵᠢᠯᠯᠠᠬᠤ ᠰᠠᠶᠢᠨ ᠳᠠᠳᠬᠠᠯ ᠢ ᠪᠤᠢ ᠪᠤᠯᠭᠠᠬᠤ ᠬᠡᠷᠡᠭᠲᠡᠢ᠃ ᠶᠡᠭᠡ ᠲᠠᠷᠢᠬᠢ᠂ ᠪᠤᠯᠴᠢᠩ | ᠨᠢ ᠨᠢᠭᠡ ᠦᠶ᠎ᠡ ᠠᠵᠢᠯᠯᠠᠪᠠᠯ ᠶᠠᠳᠠᠷᠠᠨ᠎ᠠ᠂ ᠲᠡᠭᠡᠪᠡᠯ ᠰᠤᠷᠤᠯᠴᠠᠬᠤ᠂ ᠠᠵᠢᠯᠯᠠᠬᠤ ᠦᠷ᠎ᠡ ᠪᠦᠳᠤᠮᠵᠢ ᠨᠢ ᠪᠠᠭᠤᠷᠠᠳᠠᠭ | ᠃ ᠪᠤᠯᠴᠢᠩ ᠶᠠᠳᠠᠷᠠᠪᠠᠯ ᠠᠮᠠᠷᠬᠠᠨ ᠠᠳᠡᠯ ᠪᠤᠶᠤ ᠠᠯᠳᠠᠭ᠎ᠠ ᠭᠠᠷᠭᠠᠬᠤ ᠪᠣᠯᠣᠨ᠎ᠠ᠃ ᠠᠵᠢᠯᠯᠠᠬᠤ ᠠᠮᠠᠷᠠᠬᠤ ᠶᠢ | ᠤᠶᠠᠯᠳᠤᠭᠤᠯᠬᠤ ᠪᠠᠨ ᠠᠩᠬᠠᠷᠴᠤ᠂ ᠠᠶᠢᠵᠠᠮ ᠢ ᠨᠢ ᠵᠣᠬᠢᠴᠠᠭᠤᠯᠬᠤ ᠪᠣᠯ ᠡᠷᠡᠭᠦᠯ ᠮᠠᠨᠳᠤ ᠶᠢᠨ ᠱᠠᠭᠠᠷᠳᠠᠯᠭ᠎ᠠ ᠪᠤᠯᠬᠤ | ᠪᠠᠷ ᠪᠠᠷᠠᠬᠤ ᠦᠭᠡᠢ᠂ ᠮᠥᠨ ᠴᠤ ᠠᠵᠢᠯ ᠰᠤᠷᠤᠯᠴᠠᠯᠭ᠎ᠠ ᠶᠢᠨ ᠦᠷ᠎ᠡ ᠪᠦᠳᠤᠮᠵᠢ ᠶᠢ ᠲᠡᠭᠡᠭᠰᠢᠯᠡᠭᠦᠯᠭᠦ ᠶᠢᠨ | ᠱᠠᠭᠠᠷᠳᠠᠯᠭ᠎ᠠ ᠪᠣᠯᠣᠨ᠎ᠠ᠃ | ︵2︶ ᠦᠷᠭᠦᠯᠵᠢ ᠤᠷᠠᠨ ᠰᠠᠶᠢᠬᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠵᠠᠩ | ᠳᠠᠳᠬᠠᠯ ᠢ ᠪᠤᠢ ᠪᠤᠯᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠨᠠᠶᠢᠷ ᠨᠠᠭᠠᠳᠤᠮ ᠳᠤ ᠣᠷᠤᠯᠴᠠᠬᠤ | ᠨᠢ ᠪᠡᠶ᠎ᠡ ᠮᠠᠬᠠᠪᠤᠳ ᠤᠨ ᠡᠷᠡᠭᠦᠯ ᠮᠠᠨᠳᠤ᠂ ᠰᠡᠳᠬᠢᠴᠡ ᠶᠢᠨ ᠡᠷᠡᠭᠦᠯᠵᠢᠯ ᠢ ᠬᠠᠮᠠᠭᠠᠯᠠᠬᠤ ᠪᠠ ᠨᠡᠶᠢᠭᠡᠮ ᠳᠤ | ᠵᠣᠬᠢᠴᠠᠬᠤ ᠴᠢᠳᠠᠪᠤᠷᠢ ᠪᠠᠨ ᠲᠡᠭᠡᠭᠰᠢᠯᠡᠭᠦᠯᠭᠦ ᠳᠤ ᠪᠦᠷ ᠰᠠᠶᠢᠨ ᠪᠠᠶᠢᠳᠠᠭ᠃ ᠤᠷᠠᠨ ᠰᠠᠶᠢᠬᠠᠨ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠭᠡᠯᠪᠡᠷᠢ ᠪᠠ ᠤᠳᠠᠭ᠎ᠠ ᠪᠦᠷᠢ ᠶᠢᠨ ᠬᠥᠳᠡᠯᠭᠡᠭᠡᠨ ᠤ ᠴᠠᠭ ᠢ ᠵᠠᠪᠠᠯ ᠥᠪᠡᠷ ᠤᠨ ᠪᠡᠶ᠎ᠡ | ᠶᠢᠨ ᠪᠠᠶᠢᠳᠠᠯ᠂ ᠤᠷᠮ᠎ᠠ ᠰᠣᠨᠢᠷᠬᠠᠯ ᠲᠠᠢ ᠪᠠᠨ ᠵᠣᠬᠢᠴᠠᠭᠤᠯᠬᠤ ᠬᠡᠷᠡᠭᠲᠡᠢ᠃ | ︵3︶ ᠤᠨᠲᠠᠬᠤ ᠳᠠᠳᠬᠠᠯ ᠢᠶᠠᠨ ᠰᠠᠶᠢᠨ ᠪᠤᠯᠭᠠᠬᠤ ᠬᠡᠷᠡᠭᠲᠡᠢ᠃ ᠵᠢᠮ᠎ᠡ ᠶᠣᠰᠣ ᠲᠠᠢ ᠤᠨᠲᠠᠬᠤ ᠪᠣᠯ | ᠨᠣᠶᠢᠷ ᠤᠨ ᠴᠢᠨᠠᠷ ᠢ ᠪᠠᠲᠤᠯᠠᠵᠤ᠂ ᠡᠷᠡᠭᠦᠯ ᠮᠠᠨᠳᠤ ᠶᠢ ᠬᠠᠮᠠᠭᠠᠯᠠᠬᠤ ᠳᠤ ᠳᠤᠩ ᠠᠰᠢᠭᠲᠠᠢ ᠪᠠᠶᠢᠳᠠᠭ᠃ ᠤᠨᠲᠠᠬᠤ | ᠴᠠᠭ ᠢ ᠡᠷᠬᠡᠪᠰᠢ ᠨᠠᠰᠤ ᠪᠠ ᠬᠤᠪᠢ ᠬᠥᠮᠥᠨ ᠤ ᠪᠡᠶ᠎ᠡ ᠶᠢᠨ ᠣᠨᠴᠠᠯᠢᠭ ᠢᠶᠠᠨ ᠦᠨᠳᠦᠰᠦᠯᠡᠵᠦ ᠲᠣᠭᠲᠠᠭᠠᠬᠤ | ᠬᠡᠷᠡᠭᠲᠡᠢ᠃ ᠶᠡᠷᠦ ᠳᠡᠭᠡᠨ ᠨᠠᠰᠤᠨ ᠳᠤ ᠭᠦᠷᠦᠭᠰᠡᠳ ᠡᠳᠦᠷ ᠪᠦᠷᠢ 7 ᠊᠊᠊ 8 ᠴᠠᠭ ᠤᠨᠲᠠᠬᠤ ᠴᠢᠬᠤᠯᠠᠲᠠᠢ᠃ | ᠣᠷᠣᠢ ᠶᠢᠨ 10 ᠴᠠᠭ ᠠᠴᠠ ᠡᠷᠲᠡ ᠶᠢᠨ 4 ᠴᠠᠭ ᠭᠦᠷᠳᠡᠯ᠎ᠠ᠂ ᠡᠨᠡ ᠬᠦ ᠬᠡᠰᠡᠭ ᠬᠤᠭᠤᠴᠠᠭᠠᠨ ᠤ ᠤᠨᠲᠠᠬᠤ | ᠴᠢᠨᠠᠷ ᠨᠢ ᠬᠠᠮᠤᠭ ᠤᠨ ᠰᠠᠶᠢᠨ ᠪᠠᠶᠢᠳᠠᠭ᠃ ᠣᠷᠣᠢ ᠶᠢᠨ 11 ᠴᠠᠭ ᠥᠩᠭᠡᠷᠡᠪᠡᠯ ᠬᠥᠮᠥᠨ ᠬᠠᠷᠢᠨ ᠬᠥᠭᠡᠷᠴᠦ᠂ | ᠨᠡᠩ ᠤᠨᠲᠠᠵᠤ ᠲᠠᠶᠢᠯᠭᠦ ᠦᠭᠡᠢ ᠪᠤᠯᠳᠠᠭ᠃ ᠡᠷᠲᠡ ᠶᠢᠨ 2᠂ 3 ᠴᠠᠭ ᠪᠣᠯ ᠰᠥᠨᠢᠵᠢᠨ ᠰᠠᠭᠤᠬᠤ ᠬᠥᠮᠥᠨ ᠳᠤ | ᠬᠠᠮᠤᠭ ᠤᠨ ᠨᠣᠶᠢᠷ ᠬᠦᠷᠬᠦ ᠴᠠᠭ ᠪᠣᠯᠣᠨ᠎ᠠ᠃ ᠬᠠᠷᠢᠨ ᠭᠡᠭᠡᠷᠡᠭᠰᠡᠡ ᠤ ᠲᠠᠷᠠᠭ᠎ᠠ᠂ ᠬᠥᠮᠥᠨ ᠰᠡᠷᠭᠡᠭ ᠤᠨᠲᠠᠬᠤ | ᠬᠤᠭᠤᠴᠠᠭᠠᠨ ᠳᠤ ᠣᠷᠣᠳᠠᠭ ᠪᠥᠭᠡᠳ ᠤᠨᠲᠠᠯᠭ᠎ᠠ ᠶᠢᠨ ᠴᠢᠨᠠᠷ ᠨᠢ ᠰᠠᠶᠢᠨ ᠪᠢᠰᠢ᠃ ᠵᠠᠷᠢᠮ ᠬᠥᠮᠥᠨ ᠰᠡᠷᠡᠭᠡᠳ | ᠲᠠᠭᠢᠵᠤ ᠤᠨᠲᠠᠬᠤ ᠳᠤᠷᠠᠲᠠᠢ ᠪᠠᠶᠢᠳᠠᠭ᠂ ᠦᠨᠡᠨ ᠳᠡᠭᠡᠨ ᠡᠨᠡ ᠦᠶ᠎ᠡ ᠳᠤ ᠭᠤᠣᠯᠳᠠᠭᠤ ᠰᠡᠷᠭᠡᠭ ᠤᠨᠲᠠᠭᠰᠠᠨ ᠢᠶᠠᠨ | ᠨᠥᠬᠦᠪᠦᠷᠢᠯᠡᠵᠦ ᠪᠠᠶᠢᠬᠤ ᠲᠤᠯᠠ ᠦᠷ᠎ᠡ ᠳ᠋ᠦᠩ ᠨᠢ ᠡᠷᠲᠡ ᠤᠨᠲᠠᠵᠤ ᠡᠷᠲᠡ ᠪᠤᠰᠬᠤ ᠪᠦᠭᠡ ᠤᠨᠲᠠᠬᠤ ᠶᠢ ᠬᠦᠷᠬᠦ | ᠦᠭᠡᠢ ᠪᠢᠯᠡ᠃ ᠨᠣᠶᠢᠷ ᠬᠠᠨᠤᠬᠤ ᠦᠭᠡᠢ ᠨᠢ ᠬᠥᠮᠥᠨ ᠤ ᠠᠩᠬᠠᠷᠤᠯ ᠪᠠ ᠴᠡᠭᠡᠵᠢᠯᠡᠬᠦ ᠴᠢᠳᠠᠪᠤᠷᠢ ᠶᠢ | ᠳᠣᠷᠣᠭᠰᠢᠯᠠᠭᠤᠯᠬᠤ ᠮᠥᠷᠲᠡᠭᠡᠨ ᠪᠠᠰᠠ ᠰᠢᠨ᠎ᠡ ᠬᠠᠭᠤᠴᠢᠨ ᠤ ᠰᠣᠯᠢᠯᠴᠠᠭ᠎ᠠ ᠶᠢ ᠬᠠᠷᠰᠢᠯᠠᠵᠤ᠂ ᠥᠲᠡᠯᠬᠦ ᠶᠢ | ᠲᠦᠷᠭᠡᠳᠬᠡᠨ᠎ᠡ᠃ ᠬᠡᠲᠦᠷᠬᠡᠢ ᠤᠳᠠᠭᠠᠨ ᠤᠨᠲᠠᠪᠠᠯ ᠬᠥᠮᠥᠨ ᠤ ᠪᠡᠶ᠎ᠡ ᠳᠤ ᠠᠰᠢᠭ ᠦᠭᠡᠢ᠂ ᠲᠠᠷᠠ ᠨᠢ ᠲᠥᠪ | ᠮᠡᠳᠡᠷᠡᠯ ᠤᠨ ᠰᠢᠰᠲ᠋ᠧᠮ ᠢ ᠤᠷᠳᠤ ᠬᠤᠭᠤᠴᠠᠭ᠎ᠠ ᠪᠠᠷ ᠬᠤᠷᠢᠭᠯᠠᠭᠳᠠᠬᠤ ᠪᠠᠶᠢᠳᠠᠯ ᠳᠤ ᠣᠷᠣᠭᠤᠯᠵᠤ᠂ ᠪᠣᠰᠣᠭᠰᠠᠨ ᠤ | ᠲᠠᠷᠠᠭ᠎ᠠ ᠬᠦᠴᠦ ᠲᠠᠮᠢᠷ ᠦᠭᠡᠢ᠂ ᠲᠣᠯᠣᠭᠠᠢ ᠡᠷᠭᠢᠬᠦ ᠲᠥᠷᠥᠭᠳᠡᠯ ᠲᠠᠢ ᠪᠣᠯᠭᠠᠳᠠᠭ᠃ ᠤᠨᠲᠠᠬᠤ ᠴᠠᠭ ᠨᠢ ᠭᠡᠳᠤ | ᠤᠷᠳᠤ ᠪᠣᠯᠪᠠᠯ ᠪᠠᠰᠠ ᠠᠮᠢᠰᠬᠤᠯ ᠤᠳᠠᠭᠠᠰᠢᠷᠠᠵᠤ᠂ ᠬᠦᠴᠢᠯᠲᠥ᠋ᠷᠥᠭᠴᠢ ᠰᠣᠷᠣᠬᠤ ᠨᠢ ᠪᠠᠭᠠᠰᠬᠤ᠂ ᠵᠢᠷᠦᠬᠡ | ᠠᠭᠤᠰᠬᠢ ᠪᠣᠯᠣᠨ ᠴᠢᠰᠤᠨ ᠡᠷᠭᠢᠯᠲᠡ ᠶᠢᠨ ᠳᠠᠷᠤᠭᠠᠰᠤ ᠬᠦᠨᠳᠦᠷᠡᠵᠦ᠂ ᠵᠢᠷᠦᠬᠡᠨ ᠡᠪᠡᠳᠴᠢᠨ ᠪᠠ ᠲᠠᠷᠢᠬᠢᠨ ᠤ | ᠴᠢᠰᠤᠨ ᠰᠤᠳᠠᠯ ᠪᠥᠭᠯᠡᠷᠡᠬᠦ ᠠᠶᠤᠯᠲᠠᠢ ᠪᠠᠶᠢᠳᠠᠭ᠃ | | ︵︽ᠡᠷᠡᠭᠦᠯ ᠮᠠᠨᠳᠤ ᠶᠢᠨ 66 ᠵᠤᠷᠪᠤᠰ︾ ᠨᠣᠮ ᠠᠴᠠ ᠨᠠᠶᠢᠷᠠᠭᠤᠯᠤᠨ ᠠᠪᠤᠪᠠ︶ | |